ᠪᠡᠭᠡᠵᠢᠩ ᠤᠨ ᠰᠢ ᠮᠠ ᠨᠢᠳᠦᠨ ᠤ ᠡᠮᠨᠡᠯᠭᠡ ᠶᠢᠨ ᠬᠤᠷᠢᠶ᠎ᠠ ᠶᠢᠨ ᠠᠤᠬᠠᠨ ᠬᠤᠰᠢᠭᠤᠨ ᠳᠤ ᠢᠷᠡᠵᠦ ᠰᠢᠨᠵᠢᠯᠡᠨ ᠪᠠᠶᠢᠴᠠᠭᠠᠵᠤ ᠰᠣᠯᠢᠯᠴᠠᠭ᠎ᠠ ᠬᠢᠪᠡ
ᠨᠡᠶᠢᠲᠡᠯᠡᠭᠰᠡᠨ ᠴᠠᠭ᠄
2023/9/5
   9 ᠰᠠᠷ᠎ᠠ ᠶᠢᠨ 1 ᠤ ᠡᠳᠦᠷ᠂ ᠪᠡᠭᠡᠵᠢᠩ ᠤᠨ  ᠰᠢ ᠮᠠ ᠨᠢᠳᠦᠨ ᠤ ᠡᠮᠨᠡᠯᠭᠡ ᠶᠢᠨ ᠬᠤᠷᠢᠶᠠᠨ ᠤ ᠳᠠᠷᠤᠭ᠎ᠠ ᠴᠧᠨ ᠶᠠᠩ ᠨᠠᠷ ᠮᠠᠨ ᠤ ᠬᠤᠰᠢᠭᠤᠨ ᠳᠤ ᠢᠷᠡᠵᠦ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠠᠯ ᠬᠢᠵᠦ᠂ ᠬᠤᠯᠪᠣᠭᠳᠠᠯ ᠪᠦᠬᠦᠢ ᠬᠠᠮᠲᠤᠷᠠᠯᠴᠠᠭᠠᠨ ᠤ ᠤᠴᠢᠷ ᠶᠠᠪᠤᠳᠠᠯ ᠢ ᠵᠥᠪᠳᠡᠯᠴᠡᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠢ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠪᠦᠦ ᠯᠢᠨ ᠵᠢᠶᠠ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃    ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠬᠤᠰᠢᠭᠤᠨ ᠤ ᠡᠮᠨᠡᠯᠭᠡ ᠶᠢᠨ ᠬᠤᠷᠢᠶ᠎ᠠ᠂ ᠬᠤᠰᠢᠭᠤᠨ ᠤ ᠬᠢᠲᠠᠳ ᠡᠮᠨᠡᠯᠭᠡ ᠮᠣᠩᠭᠤᠯ ᠡᠮᠨᠡᠯᠭᠡ ᠵᠡᠷᠭᠡ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠰᠢᠨᠵᠢᠯᠡᠨ ᠪᠠᠶᠢᠴᠠᠭᠠᠵᠤ᠂ ᠪᠥᠬᠦ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠬᠥᠭᠵᠢᠯᠲᠡ ᠶᠢᠨ ᠦᠨᠳᠦᠰᠦᠨ ᠪᠠᠶᠢᠳᠠᠯ ᠵᠢᠴᠢ ᠪᠠᠯᠠ ᠣᠷᠣᠭᠤᠯᠤᠯᠲᠠ  ᠠᠷᠠᠯᠵᠢᠶ᠎ᠠ ᠡᠵᠡᠩᠨᠡᠬᠦ ᠣᠷᠴᠢᠨ  ᠨᠦᠭᠦᠴᠡᠯ ᠢ ᠲᠤᠬᠠᠶ ᠶᠢᠨ ᠭᠠᠵᠠᠷ ᠲᠤᠨᠢ ᠣᠶᠢᠯᠠᠭᠠᠪᠠ᠃
   ᠶᠠᠷᠢᠯᠴᠠᠬᠤ ᠬᠤᠷᠠᠯ ᠳᠡᠭᠡᠷ᠎ᠡ᠂ ᠵᠠᠩ ᠢ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠮᠠᠨ ᠤ ᠬᠤᠰᠢᠭᠤᠨ ᠳᠤ ᠰᠢᠨᠵᠢᠯᠡᠨ ᠪᠠᠶᠢᠴᠠᠭᠠᠵᠤ ᠰᠠᠨᠠᠯ ᠢᠶᠠᠨ ᠰᠣᠯᠢᠯᠴᠠᠬᠤ ᠶᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠲᠥᠯᠥᠪᠵᠢᠭᠦᠯᠭᠡ᠂ ᠡᠮ ᠡᠮᠨᠡᠯᠭᠡ ᠶᠢᠨ ᠮᠡᠷᠭᠡᠵᠢᠯ ᠤᠨ ᠬᠦᠴᠦᠨ᠂ ᠢᠵᠢ ᠪᠦᠷᠢᠳᠦᠭᠰᠡᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠠᠰᠠᠭᠤᠳᠠᠯ ᠤᠨ ᠲᠣᠭᠤᠷᠢᠨ ᠳᠤ ᠰᠢᠨᠵᠢᠯᠡᠨ ᠪᠠᠶᠢᠴᠠᠭᠠᠬᠤ ᠳᠤᠭᠤᠶᠢᠯᠠᠩ ᠲᠠᠢ ᠰᠠᠨᠠᠯ ᠢᠶᠠᠨ ᠰᠣᠯᠢᠯᠴᠠᠵᠤ᠂ ᠲᠡᠷᠢᠭᠦᠨ ᠤ  ᠠᠷᠠᠯᠵᠢᠶ᠎ᠠ ᠡᠵᠡᠩᠨᠡᠬᠦ ᠣᠷᠴᠢᠨ ᠨᠦᠭᠦᠴᠡᠯ᠂ ᠥᠨᠳᠥᠷ ᠪᠦᠲᠦᠮᠵᠢᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠᠷ ᠬᠤᠶᠠᠷ ᠲᠠᠯ᠎ᠠ ᠶᠢᠨ ᠬᠠᠮᠲᠤ ᠶᠢᠨ ᠬᠥᠭᠵᠢᠯᠲᠡ ᠶᠢ ᠠᠬᠢᠭᠤᠯᠵᠤ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠵᠦ ᠢᠯᠡᠳᠬᠡᠪᠡ᠃    ᠪᠦᠦ ᠯᠢᠨ ᠵᠢᠶᠠ ᠪᠥᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠃ ᠲᠡᠷᠡ᠂ ᠠᠤᠬᠠᠨ ᠬᠤᠰᠢᠭᠤᠨ ᠤ ᠵᠠᠮ ᠬᠠᠷᠢᠯᠴᠠᠭᠠᠨ ᠤ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠶ᠂ ᠡᠮ ᠡᠮᠨᠡᠯᠭᠡ ᠶᠢᠨ ᠦᠢᠯᠡᠴᠢᠯᠡᠭᠡᠨ ᠤ ᠬᠥᠮᠦᠰ ᠥᠷᠭᠡᠨ ᠳᠡᠯᠭᠡᠷ᠂ ᠬᠤᠶᠠᠷ ᠲᠠᠯ᠎ᠠ ᠪᠠᠷ ᠢᠶᠠᠨ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠵᠠᠷᠴᠢᠮ ᠶᠣᠰᠣᠭᠠᠷ᠂ ᠨᠠᠩ ᠣᠯᠠᠨ ᠲᠣᠬᠢᠷᠠᠯᠴᠠᠬᠤ ᠴᠡᠭ ᠢ ᠡᠷᠢᠵᠦ᠂ ᠨᠢᠳᠦᠨ  ᠤ ᠰᠠᠯᠠᠭᠠᠨ ᠤ ᠣᠨᠣᠰᠢᠯᠠᠨ ᠡᠮᠨᠡᠬᠦ ᠬᠦᠷᠢᠶᠡᠨ ᠳᠤ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠦ᠂ ᠠᠷᠠᠳ ᠣᠯᠠᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠭᠡᠵᠡᠶ᠃
   ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ  ᠠᠷᠠᠯᠵᠢᠶ᠎ᠠ ᠡᠵᠡᠩᠨᠡᠬᠦ ᠣᠷᠴᠢᠨ  ᠨᠦᠭᠦᠴᠡᠯ᠂ ᠬᠥᠭᠵᠢᠯᠲᠡ ᠶᠢᠨ ᠠᠯᠤᠰ ᠬᠡᠲᠦ ᠶᠢᠨ ᠲᠥᠯᠥᠪ ᠢ ᠨᠤᠲᠠᠯᠠᠬᠤ ᠶᠢᠨ ᠬᠠᠮᠲᠤ ᠠᠵᠤ ᠠᠬᠤᠶᠢᠯᠠᠯ ᠤᠨ ᠪᠠᠶᠢᠳᠠᠯ᠂ ᠵᠠᠬ᠎ᠠ ᠳᠡᠯᠭᠡᠭᠦᠷ ᠤᠨ ᠢᠷᠡᠭᠡᠳᠦᠢ ᠶᠢᠨ ᠲᠥᠯᠥᠪ᠂ ᠲᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠲᠥᠯᠥᠪᠵᠢᠭᠦᠯᠭᠡ ᠪᠠ ᠪᠠᠯᠠ ᠣᠷᠣᠭᠤᠯᠤᠯᠲᠠ ᠶᠢᠨ ᠰᠠᠨᠠᠮᠵᠢ ᠶᠢ ᠰᠢᠨᠵᠢᠯᠡᠨ ᠪᠠᠶᠢᠴᠠᠭᠠᠭᠰᠠᠨ ᠪᠥᠭᠡᠳ ᠬᠤᠶᠠᠷ ᠲᠠᠯ᠎ᠠ ᠶᠢᠨ ᠨᠡᠪᠲᠡᠷᠡᠯᠴᠡᠭᠡ ᠰᠣᠯᠢᠯᠴᠠᠭ᠎ᠠ᠂ ᠵᠥᠪᠳᠡᠯᠴᠡᠨ ᠵᠣᠯᠭᠠᠭᠤᠯᠬᠤ ᠶᠢ ᠦᠷᠭᠦᠯᠵᠢᠯᠡᠨ ᠴᠢᠩᠭᠠᠳᠬᠠᠵᠤ᠂ ᠰᠢᠶᠠᠨ ᠤ ᠬᠡᠪᠴᠢᠶᠡᠨ ᠤ ᠨᠢᠳᠦᠨ ᠤ ᠰᠠᠯᠠᠭᠠᠨ ᠤ ᠡᠮᠴᠢᠯᠡᠭᠡ ᠵᠢᠴᠢ ᠡᠷᠡᠭᠦᠯᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠮᠴᠢᠯᠡᠭᠡ ᠡᠷᠡᠭᠦᠯ ᠮᠡᠨᠳᠦ ᠶᠢᠨ ᠠᠵᠤ ᠦᠢᠯᠡᠰ ᠤᠨ ᠨᠠᠩ ᠶᠡᠭᠡ ᠬᠥᠭᠵᠢᠯᠲᠡ ᠲᠠᠢ ᠪᠣᠯᠬᠤ ᠶᠢ ᠬᠦᠰᠡᠵᠦ ᠪᠠᠶᠢᠨ᠎ᠠ ᠭᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号