| 9 ᠰᠠᠷ᠎ᠠ ᠶᠢᠨ 2 ᠤᠨ ᠡᠳᠦᠷ ᠠᠴᠠ 3 ᠤ ᠡᠳᠦᠷ ᠪᠣᠯᠲᠠᠯ᠎ᠠ᠂ ᠠᠷᠪᠠᠳᠤᠭᠠᠷ ᠬᠤᠭᠤᠴᠠᠭᠠᠨ ᠤ ᠳᠡᠯᠡᠬᠡᠶ ᠶᠢᠨ | ᠨᠠᠷᠢᠮᠤ ᠶᠢᠨ ᠡᠭᠦᠰᠦᠯ ᠬᠢᠭᠡᠳ ᠬᠥᠭᠵᠢᠯᠲᠡ ᠶᠢᠨ ᠬᠤᠷᠠᠯ ᠤᠨ ᠬᠤᠪᠢᠶᠠᠷᠢ ᠶᠠᠷᠢᠶᠠᠨ ᠤ ᠲᠠᠪᠴᠠᠩ ︽ ᠪᠧᠢ ᠹᠠᠩ | ᠬᠠᠭᠤᠷᠠᠢ ᠲᠠᠷᠢᠶᠠᠯᠠᠩ ᠪᠣᠯᠤᠨ ᠡᠷᠲᠡᠨ ᠤ ᠦᠶ᠎ᠡ ᠶᠢᠨ ᠬᠦᠷᠡᠯ ᠵᠡᠪᠰᠡᠭ ᠤᠨ ᠪᠣᠯᠪᠠᠰᠤᠨ ᠤ ᠡᠷᠳᠡᠮ ᠰᠢᠨᠵᠢᠯᠡᠭᠡᠨ ᠤ | ᠰᠣᠳᠤᠯᠤᠨ ᠶᠠᠷᠢᠯᠴᠠᠬᠤ ᠬᠤᠷᠠᠯ︾ ᠺᠠᠳ᠋ᠷ ᠤᠨ ᠳᠡᠭᠡᠳᠦ ᠰᠤᠷᠭᠠᠭᠤᠯᠢ ᠳᠤ ᠬᠤᠷᠠᠯᠳᠤᠵᠤ᠂ ᠳᠤᠮᠳᠠᠳᠤ ᠤᠯᠤᠰ ᠤᠨ | ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠭᠤᠴᠢ ᠰᠤᠳᠤᠯᠤᠯ ᠤᠨ ᠭᠠᠵᠠᠷ ᠤᠨ ᠨᠠᠮ ᠤᠨ | ᠬᠤᠷᠢᠶ᠎ᠠ ᠶᠢᠨ ᠱᠦᠵᠢ᠂ ᠨᠠᠶᠢᠷᠠᠭᠤᠯᠤᠨ ᠬᠢᠨᠠᠭᠴᠢ ᠵᠠᠩ ᠭᠦᠸᠧ ᠴᠦᠨ᠂ ᠳᠤᠮᠳᠠᠳᠤ ᠤᠯᠤᠰ ᠤᠨ ᠮᠦᠽᠧᠶ ᠶᠢᠨ | ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠠᠷᠤᠭ᠎ᠠ ᠯᠢᠦ ᠱᠦ ᠭᠤᠸᠠᠩ᠂ ᠥᠪᠥᠷ ᠮᠣᠩᠭᠤᠯ ᠤᠨ ᠪᠠᠭᠰᠢ ᠶᠢᠨ ᠶᠡᠭᠡ | ᠰᠤᠷᠭᠠᠭᠤᠯᠢ ᠶᠢᠨ ᠲᠡᠤᠬᠡ ᠰᠣᠶᠣᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ᠂ ᠫᠷᠤᠹᠧᠰᠰᠤᠷ | ᠯᠢ ᠶᠠᠨ ᠵᠢᠶᠧ᠂ ᠤᠯᠠᠭᠠᠨᠬᠠᠳᠠ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠮᠦᠽᠧᠶ ᠶᠢᠨ ᠳᠠᠷᠤᠭ᠎ᠠ᠂ ᠰᠤᠳᠤᠯᠭᠠᠨ ᠤ ᠣᠷᠳᠣᠨ ᠤ ᠭᠡᠰᠢᠭᠦᠨ ᠲᠤᠤ ᠵᠢᠶᠠᠨ ᠶᠢᠩ᠂ | ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ | ᠱᠦᠵᠢ ᠯᠢᠦᠶ ᠰᠢ ᠮᠢᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ | ᠬᠡᠯᠲᠡᠰ ᠤᠨ ᠳᠠᠷᠤᠭ᠎ᠠ ᠭᠦᠸᠧ ᠢᠦᠶ ᠯᠢᠩ ᠬᠤᠷᠠᠯ ᠳᠤ ᠣᠷᠣᠯᠴᠠᠵᠤ᠂ ᠬᠤᠰᠢᠭᠤᠨ ᠤ ᠵᠠᠰᠠᠭ ᠤᠨ ᠣᠷᠳᠣᠨ ᠤ | ᠳᠡᠳ᠋ ᠳᠠᠷᠤᠭ᠎ᠠ ᠵᠠᠩ ᠶᠦᠩ ᠹᠦ᠋ ᠬᠤᠷᠠᠯ ᠢ ᠡᠷᠭᠢᠯᠡᠪᠡ᠃ | | ᠯᠢᠦᠶ ᠰᠢ ᠮᠢᠨ ᠪᠠᠶᠠᠷ ᠤᠨ ᠦᠭᠡ ᠳᠡᠭᠡᠨ ᠠᠤᠬᠠᠨ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ | ᠵᠠᠰᠠᠭ ᠤᠨ ᠣᠷᠳᠣᠨ ᠤ ᠡᠮᠦᠨ᠎ᠡ ᠠᠴᠠ ᠲᠣᠰ ᠤᠳᠠᠭᠠᠨ ᠤ ᠡᠷᠳᠡᠮ ᠰᠢᠨᠵᠢᠯᠡᠭᠡᠨ ᠤ ᠠᠵᠢᠯᠯᠠᠭ᠎ᠠ ᠳᠤ ᠣᠷᠣᠯᠴᠠᠭᠰᠠᠨ | ᠡᠯ᠎ᠡ ᠤᠳᠤᠷᠢᠳᠤᠯᠭ᠎ᠠ᠂ ᠡᠯ᠎ᠡ ᠲᠤᠰᠬᠠᠶ ᠮᠡᠷᠭᠡᠵᠢᠯᠲᠡᠨ᠂ ᠡᠯ᠎ᠡ ᠵᠣᠴᠢᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ | ᠢᠯᠡᠳᠬᠡᠵᠦ᠂ ᠲᠣᠰ ᠤᠳᠠᠭᠠᠨ ᠤ ᠡᠷᠳᠡᠮ ᠰᠢᠨᠵᠢᠯᠡᠭᠡᠨ ᠤ ᠮᠡᠳᠡᠭᠦᠯᠦᠯᠲᠡ ᠪᠠ ᠰᠣᠯᠢᠯᠴᠠᠭ᠎ᠠ ᠪᠠᠷ ᠳᠠᠮᠵᠢᠭᠤᠯᠤᠨ᠂ | ᠬᠤᠷᠠᠯ ᠳᠤ ᠣᠷᠣᠯᠴᠠᠭᠰᠠᠨ ᠡᠯ᠎ᠡ ᠲᠠᠯ᠎ᠠ ᠶᠢᠨ ᠬᠢᠨ ᠨᠠᠩ ᠢᠯᠡᠭᠦᠤ ᠣᠶᠢᠯᠠᠭᠠᠵᠤ᠂ ᠬᠠᠮᠲᠤᠷᠠᠯᠴᠠᠭ᠎ᠠ ᠪᠠᠨ ᠨᠠᠩ | ᠭᠦᠨᠵᠡᠭᠡᠶ᠂ ᠨᠥᠬᠦᠷᠯᠡᠯ ᠨᠠᠩ ᠭᠦᠨ ᠵᠤᠵᠠᠭᠠᠨ ᠪᠥᠭᠡᠳ ᠤᠳᠠᠭᠠᠨ ᠳᠠᠭᠠᠭᠠᠮᠠᠭᠠᠶ ᠪᠣᠯᠬᠤ ᠶᠢ ᠬᠦᠰᠡᠵᠦ ᠂ | ᠡᠭᠦᠨ ᠢᠶᠠᠷ ᠠᠵᠠ ᠲᠣᠬᠢᠶᠠᠯ ᠪᠣᠯᠭᠠᠵᠤ᠂ ᠰᠡᠳᠬᠢᠬᠦᠶ ᠪᠠᠨ ᠬᠥᠭᠵᠢᠭᠡᠵᠦ᠂ ᠨᠡᠪᠲᠡᠷᠡᠯᠴᠡᠭᠡ ᠪᠠᠨ ᠴᠢᠩᠭᠠᠳᠬᠠᠵᠤ᠂ | ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠨᠠᠩ ᠣᠯᠠᠨ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠲᠠᠢ ᠪᠣᠯᠬᠤ ᠶᠢ | ᠬᠦᠰᠡᠵᠦ ᠪᠠᠶᠢᠨ᠎ᠠ᠃ ᠪᠠᠰᠠ ᠡᠯ᠎ᠡ ᠤᠳᠤᠷᠢᠳᠤᠯᠭ᠎ᠠ᠂ ᠲᠤᠰᠬᠠᠢ ᠮᠡᠷᠭᠡᠵᠢᠯᠲᠡᠨ ᠡᠷᠳᠡᠮᠲᠡᠨ᠂ ᠡᠯ᠎ᠡ ᠡᠲᠡᠭᠡᠳ ᠤᠨ | ᠨᠠᠶᠢᠵᠠ ᠨᠠᠷ ᠥᠩᠭᠡᠷᠡᠭᠰᠡᠨ ᠲᠠᠢ ᠪᠠᠨ ᠠᠳᠠᠯᠢ ᠪᠠᠷ ᠠᠤᠬᠠᠨ ᠢ ᠬᠠᠯᠠᠮᠵᠢᠯᠠᠵᠤ᠂ ᠠᠤᠬᠠᠨ ᠢ ᠳᠡᠮᠵᠢᠵᠦ᠂ ᠠᠤᠬᠠᠨ ᠢ | ᠤᠬᠠᠭᠤᠯᠵᠤ᠂ ᠳᠤᠷᠠᠲᠠᠶ᠎ᠠ ᠣᠯᠠᠨ ᠲᠠᠢ ᠬᠠᠮᠲᠤ ᠪᠠᠷ ᠭᠠᠷ ᠬᠤᠯᠪᠣᠨ ᠵᠡᠷᠭᠡ ᠪᠠᠷ ᠤᠷᠤᠭᠰᠢᠯᠠᠵᠤ᠂ ᠬᠥᠭᠵᠢᠯᠲᠡ ᠶᠢ | ᠬᠠᠮᠲᠤ ᠪᠠᠷ ᠡᠷᠢᠯᠬᠢᠯᠡᠬᠦ ᠶᠢ ᠬᠦᠰᠡᠵᠦ ᠪᠠᠶᠢᠨ᠎ᠠ ᠭᠡᠪᠡ ︕ | ᠬᠤᠷᠠᠯ ᠳᠤ ᠣᠷᠣᠯᠴᠠᠭᠰᠠᠨ ᠲᠤᠰᠬᠠᠢ ᠮᠡᠷᠭᠡᠵᠢᠯᠲᠡᠳ ᠬᠥᠳᠡᠭᠡ ᠠᠵᠤ ᠠᠬᠤᠢ ᠶᠢᠨ ᠰᠣᠶᠣᠯ ᠤᠨ ᠥᠪ ᠢ | ᠬᠠᠮᠠᠭᠠᠯᠠᠬᠤ᠂ ᠤᠯᠠᠮᠵᠢᠯᠠᠬᠤ ᠪᠠ ᠬᠥᠭᠵᠢᠭᠦᠯᠬᠦ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠤᠬᠠᠨ ᠤ | ᠨᠠᠷᠢᠮᠤ ᠶᠢᠨ ᠪᠠᠯᠠᠷ ᠡᠷᠲᠡᠨ ᠤ ᠰᠣᠶᠣᠯ᠂ ᠲᠠᠷᠢᠶᠠᠯᠠᠬᠤ ᠪᠣᠯᠪᠠᠰᠤᠨ ᠤ ᠳᠤᠮᠳᠠᠬᠢ ᠴᠢᠬᠤᠯᠠ ᠦᠢᠯᠡᠳᠦᠯ ᠵᠡᠷᠭᠡ | ᠶᠠᠷᠢᠶᠠᠨ ᠤ ᠰᠡᠳᠦᠪ ᠤᠨ ᠰᠣᠯᠢᠯᠴᠠᠭ᠎ᠠ ᠶᠢ ᠥᠷᠨᠢᠭᠦᠯᠵᠡᠢ᠃ ᠮᠠᠨ ᠤ ᠬᠤᠰᠢᠭᠤᠨ ᠤ ᠰᠣᠶᠣᠯ ᠤᠨ ᠥᠪ ᠢ | ᠬᠠᠮᠠᠭᠠᠯᠠᠬᠤ᠂ ᠬᠥᠭᠵᠢᠭᠦᠯᠬᠦ ᠪᠠ ᠠᠰᠢᠭᠯᠠᠬᠤ ᠳᠤ ᠡᠷᠳᠡᠮ ᠰᠢᠨᠵᠢᠯᠡᠭᠡᠨ ᠤ ᠲᠠᠯ᠎ᠠ ᠠᠴᠠ ᠣᠨᠣᠯ ᠤᠨ ᠲᠤᠯᠭᠠᠭᠤᠷᠢᠯᠠᠯ | ᠬᠠᠩᠭᠠᠵᠤ᠂ ᠦᠢᠯᠡᠳᠦᠯᠭᠡ ᠶᠢᠨ ᠲᠠᠯ᠎ᠠ ᠠᠴᠠ ᠬᠥᠭᠵᠢᠯᠲᠡ ᠶᠢᠨ ᠪᠦᠲᠦᠴᠡ ᠶᠢ ᠵᠢᠷᠤᠭᠯᠠᠵᠤ᠂ ᠡᠨᠡ ᠨᠢ ᠠᠤᠬᠠᠨ ᠤ | ᠢᠷᠡᠭᠡᠳᠦᠶ ᠶᠢᠨ ᠬᠥᠭᠵᠢᠯᠲᠡ ᠳᠤ ᠠᠯᠤᠰ ᠬᠡᠲᠦ ᠶᠢᠨ ᠪᠥᠭᠡᠳ ᠢᠳᠡᠪᠬᠢᠲᠡᠶ ᠨᠥᠯᠥᠭᠡ ᠦᠵᠡᠭᠦᠯᠬᠦ ᠪᠣᠯᠤᠨ᠎ᠠ᠃ | | ᠰᠤᠳᠤᠯᠤᠨ ᠶᠠᠷᠢᠯᠴᠠᠬᠤ ᠬᠤᠷᠠᠯ ᠲᠡᠭᠦᠰᠦᠭᠰᠡᠨ ᠤ ᠲᠠᠷᠠᠭ᠎ᠠ᠂ ᠬᠤᠷᠠᠯ ᠳᠤ ᠣᠷᠣᠯᠴᠠᠭᠰᠠᠨ ᠲᠤᠰᠬᠠᠢ | ᠮᠡᠷᠭᠡᠵᠢᠯᠲᠡᠳ ᠰᠢ ᠳ᠋ᠠ ᠯᠢᠶᠠᠩ ᠤᠨ ᠬᠠᠭᠤᠴᠢ ᠰᠤᠳᠤᠯᠤᠯ ᠤᠨ ᠠᠭᠤᠳᠠᠯᠤᠯᠲᠠ ᠬᠢᠭᠰᠡᠨ ᠲᠤᠬᠠᠢ ᠶᠢᠨ ᠲᠠᠯᠠᠪᠠᠢ | ᠪᠣᠯᠤᠨ ᠴᠧᠩ ᠽᠢ ᠱᠠᠨ ᠤ ᠪᠠᠭᠤᠷᠢ ᠶᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ | ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠭᠤᠴᠢ ᠰᠤᠳᠤᠯᠤᠯ ᠤᠨ | ᠭᠠᠵᠠᠷ᠂ ᠪᠡᠭᠡᠵᠢᠩ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠶᠡᠭᠡ ᠰᠤᠷᠭᠠᠭᠤᠯᠢ᠂ | ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ | ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠣᠷᠣᠨ ᠤ ᠳᠣᠲᠣᠷ᠎ᠠ ᠭᠠᠳᠠᠨᠠᠬᠢ ᠶᠡᠭᠡ | ᠳᠡᠭᠡᠳᠦ ᠰᠤᠷᠭᠠᠭᠤᠯᠢ᠂ ᠡᠯ᠎ᠡ ᠭᠠᠵᠠᠷ ᠤᠨ ᠬᠠᠭᠤᠴᠢ ᠰᠤᠳᠤᠯᠤᠯ ᠤᠨ ᠭᠠᠵᠠᠷ᠂ ᠮᠦᠽᠧᠶ᠂ ᠮᠦᠽᠧᠶ ᠶᠢᠨ ᠠᠯᠳᠠᠷᠲᠤ | ᠲᠤᠰᠬᠠᠢ ᠮᠡᠷᠭᠡᠵᠢᠯᠲᠡᠨ ᠡᠷᠳᠡᠮᠲᠡᠨ᠂ ᠲᠥᠪ ᠤᠨ ᠷᠠᠳᠢᠣ᠋ ᠲᠧᠯᠸᠢᠰ ᠬᠤᠷᠢᠶ᠎ᠠ᠂ ᠠᠷᠠᠳ ᠤᠨ ᠡᠳᠦᠷ ᠤᠨ ᠰᠣᠨᠢᠨ᠂ | ᠰᠢᠨᠬᠤᠸᠠ ᠬᠤᠷᠢᠶ᠎ᠠ ᠵᠡᠷᠭᠡ ᠵᠠᠭᠤᠴᠢᠯᠠᠭᠤᠷ ᠤᠨ ᠰᠤᠷᠪᠤᠯᠵᠢᠯᠠᠭᠴᠢ᠂ ᠨᠠᠶᠢᠷᠠᠭᠤᠯᠤᠭᠴᠢ᠂ ᠺᠢᠨᠣ᠋ ᠦᠢᠯᠡᠳᠦᠭᠴᠢ ᠪᠠ | ᠤᠳᠤᠷᠢᠳᠤᠭᠠᠴᠢ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠪᠠ᠃ | |