ᠭᠡᠷᠡᠴᠢᠯᠡᠯᠲᠡ ᠰᠣᠨᠤᠰᠬᠤ ᠠᠯᠪᠠᠨ ᠵᠠᠷ
ᠨᠡᠶᠢᠲᠡᠯᠡᠭᠰᠡᠨ ᠴᠠᠭ᠄
2023/9/6
     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠤᠯᠢ︾ ᠵᠡᠷᠭᠡ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠮᠠᠨ ᠤ ᠲᠣᠪᠴᠢᠶ᠎ᠠ ᠠᠤᠬᠠᠨ ᠬᠤᠰᠢᠭᠤᠨ ᠤ ᠰᠢᠨ ᠾᠦᠢ ᠪᠠᠯᠭᠠᠰᠤᠨ ᠤ ᠰᠢᠨ ᠾᠦᠢ ᠵᠠᠮ ᠤᠨ ᠬᠤᠶᠢᠲᠤ ᠲᠠᠯ᠎ᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠵᠡᠭᠦᠨ ᠲᠠᠯ᠎ᠠ ᠳᠤ ᠪᠠᠶᠢᠭᠤᠯᠬᠤ ᠪᠠᠷ ᠪᠠᠶᠢᠭ᠎ᠠ ᠠᠤᠬᠠᠨ ᠤ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠶᠡᠷᠦᠩᠬᠡᠶᠢᠯᠡᠭᠰᠡᠨ ᠠᠰᠠᠷ ᠤᠨ ᠡᠷᠬᠢᠨ ᠲᠣᠭᠤᠷᠢᠨ ᠤ ᠣᠷᠣᠨ ᠰᠠᠭᠤᠴᠠ ᠶᠢᠨ ᠪᠠᠷᠢᠯᠭ᠎ᠠ ᠶᠢᠨ ᠨᠡᠷᠡᠨ ᠤ ᠲᠤᠰᠤᠯᠲᠠ ᠶᠢ ᠨᠥᠯᠥᠭᠡᠯᠡᠬᠦ ᠪᠠᠶᠢᠳᠠᠯ ᠳᠤ ᠭᠡᠷᠡᠴᠢᠯᠡᠭᠡ ᠰᠣᠨᠣᠰᠬᠤ ᠬᠤᠷᠠᠯ ᠬᠢᠵᠦ᠂ ᠡᠳᠦᠭᠡ ᠪᠣᠳᠠᠲᠠᠶ  ᠵᠦᠢᠯᠡᠰ ᠢ ᠳᠣᠤᠷᠠᠬᠢ ᠮᠡᠲᠦ ᠵᠠᠷᠯᠠᠶ᠎ᠠ᠄    ᠨᠢᠭᠡ᠂ ᠬᠤᠷᠠᠯᠳᠤᠬᠤ ᠴᠠᠭ᠄ 2023 ᠣᠨ ᠤ 9 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨᠡᠬᠢ 9 ᠄ 00᠃    ᠬᠤᠶᠠᠷ᠂ ᠬᠤᠷᠠᠯᠳᠤᠬᠤ ᠭᠠᠵᠠᠷ᠄ ᠠᠤᠬᠠᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ 320 ᠲᠠᠰᠤᠭ    ᠭᠤᠷᠪᠠ᠂ ᠨᠡᠷ᠎ᠡ ᠮᠡᠳᠡᠭᠦᠯᠬᠦ ᠴᠠᠭ᠄ 2023 ᠣᠨ ᠤ 9 ᠰᠠᠷ᠎ᠠ ᠶᠢᠨ 5 ᠤ ᠡᠳᠦᠷ ᠠᠴᠠ 2023 ᠣᠨ ᠤ 9 ᠰᠠᠷ᠎ᠠ ᠶᠢᠨ 11 ᠤ ᠡᠳᠦᠷ ︵ᠭᠠᠷᠠᠭ ᠤᠨ ᠵᠢᠷᠭᠤᠭᠠᠨ᠂ ᠡᠳᠦᠷ ᠠᠮᠠᠷᠠᠨ᠎ᠠ︶᠂ ᠦᠳᠡ ᠶᠢᠨ ᠡᠮᠦᠨᠡᠬᠢ 8᠄ 30 — 12᠄ 00᠂ ᠦᠳᠡ ᠶᠢᠨ ᠬᠤᠶᠢᠨᠠᠬᠢ 2᠄ 30 — 5᠄ 30᠃    ᠳᠥᠷᠪᠡ᠂ ᠨᠡᠷ᠎ᠡ ᠮᠡᠳᠡᠭᠦᠯᠬᠦ ᠭᠠᠵᠠᠷ᠄ ᠠᠤᠬᠠᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ 214 ᠲᠠᠰᠤᠭ    ᠲᠠᠪᠤ᠂ ᠨᠡᠷ᠎ᠡ ᠮᠡᠳᠡᠭᠦᠯᠬᠦ ᠬᠢᠷᠢ ᠬᠡᠮ᠄ ᠠᠤᠬᠠᠨ ᠤ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠶᠡᠷᠦᠩᠬᠡᠶᠢᠯᠡᠭᠰᠡᠨ ᠠᠰᠠᠷ ᠤᠨ ᠡᠷᠬᠢᠨ ᠲᠣᠭᠤᠷᠢᠨ ᠤ ᠰᠠᠭᠤᠭᠠᠯᠢ ᠠᠷᠠᠳ ᠵᠡᠷᠭᠡ ᠠᠰᠢᠭ ᠬᠤᠤᠷ ᠤᠨ ᠬᠠᠷᠢᠴᠠᠭ᠎ᠠ ᠲᠠᠢ ᠬᠥᠮᠦᠰ ᠢ ᠪᠠᠶᠢᠭᠤᠯᠬᠤ ᠪᠠᠷ ᠲᠦᠯᠦᠪᠯᠡᠵᠦ ᠪᠣᠶ᠃    ᠵᠢᠷᠭᠤᠭ᠎ᠠ᠂ ᠨᠡᠷ᠎ᠡ ᠮᠡᠳᠡᠭᠦᠯᠬᠦ ᠮᠠᠲ᠋ᠧᠷᠢᠶᠠᠯ᠄ ᠪᠡᠶ᠎ᠡ ᠶᠢᠨ ᠦᠨᠡᠮᠯᠡᠯ ᠤᠨ ᠬᠠᠭᠤᠯᠪᠤᠷᠢ ᠵᠢᠴᠢ ᠠᠰᠢᠭ ᠬᠤᠣᠷ ᠤᠨ ᠬᠠᠷᠢᠴᠠᠭ᠎ᠠ ᠶᠢ ᠭᠡᠷᠡᠴᠢᠯᠡᠬᠦ ᠪᠢᠴᠢᠭ ᠮᠠᠲ᠋ᠧᠷᠢᠶᠠᠯ ᠤᠨ ᠬᠠᠭᠤᠯᠪᠤᠷᠢ ︵ᠵᠢᠱᠢᠶᠡᠯᠡᠪᠡᠯ ᠭᠡᠷ ᠬᠤᠳᠠᠯᠳᠤᠨ ᠠᠪᠬᠤ ᠭᠡᠷ᠎ᠡ᠂ ᠭᠡᠷ ᠬᠥᠷᠥᠩᠭᠡ ᠶᠢᠨ ᠦᠨᠡᠮᠯᠡᠯ ᠵᠡᠷᠭᠡ︶︔  ᠵᠢᠱᠢᠶᠡᠯᠡᠪᠡᠯ ᠪᠤᠰᠤᠳ ᠬᠥᠮᠦᠨ ᠳᠤ ᠨᠠᠶᠢᠳᠠᠵᠤ ᠣᠷᠣᠯᠠᠨ ᠭᠤᠶᠤᠴᠢᠯᠠᠭᠤᠯᠬᠤ ᠳᠤ ᠬᠦᠷᠪᠡᠯ᠂ ᠡᠷᠬᠡᠪᠰᠢ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ ᠵᠢᠴᠢ ᠨᠠᠶᠢᠳᠠᠯᠭ᠎ᠠ ᠬᠦᠯᠢᠶᠡᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ ᠶᠢ ᠬᠠᠩᠭᠠᠬᠤ ᠬᠡᠷᠡᠭᠲᠡᠶ᠃ ᠳᠡᠭᠡᠷ᠎ᠡ ᠳᠤᠷᠠᠳᠤᠭᠰᠠᠨ ᠬᠠᠩᠭᠠᠯᠭᠠᠬᠤ ᠪᠠᠷ ᠱᠠᠭᠠᠷᠳᠠᠭᠰᠠᠨ ᠬᠠᠭᠤᠯᠪᠤᠷᠢ ᠶᠢ ᠴᠥᠮ ᠤᠭ ᠮᠠᠲ᠋ᠧᠷᠢᠶᠠᠯ ᠢ ᠨᠢ ᠬᠠᠩᠭᠠᠵᠤ ᠬᠠᠷᠭᠤᠭᠤᠯᠬᠤ ᠳᠤ ᠳᠦᠭᠦᠮ ᠪᠣᠯᠭᠠᠬᠤ ᠬᠡᠷᠡᠭᠲᠡᠶ᠃    ᠳᠣᠯᠤᠭ᠎ᠠ᠂ ᠪᠤᠰᠤᠳ ᠵᠦᠢᠯ᠄ ᠮᠠᠨ ᠤ ᠲᠣᠪᠴᠢᠶ᠎ᠠ ᠶᠢᠨ ᠭᠡᠷᠡᠴᠢᠯᠡᠭᠡ ᠰᠣᠨᠣᠰᠬᠤ ᠲᠠᠯᠠᠪᠤᠷ ᠬᠢᠵᠠᠭᠠᠷ ᠲᠠᠢ ᠠᠴᠠ ᠪᠣᠯᠵᠣ᠂ ᠲᠣᠰ ᠤᠳᠠᠭᠠᠨ ᠤ ᠭᠡᠷᠡᠴᠢᠯᠡᠭᠡ ᠰᠣᠨᠣᠰᠬᠤ ᠬᠤᠷᠠᠯ ᠳᠤ ᠨᠡᠷ᠎ᠡ ᠮᠡᠳᠡᠭᠦᠯᠬᠦ ᠬᠥᠮᠦᠨ ᠤ ᠲᠤᠭ᠎ᠠ ᠶᠢ 5 ᠬᠥᠮᠦᠨ ᠢᠶᠠᠷ ᠬᠢᠵᠠᠭᠠᠷᠯᠠᠨ᠎ᠠ ︵ᠬᠡᠷᠪᠡ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠨᠢ 5 ᠬᠥᠮᠦᠨ ᠠᠴᠠ ᠬᠡᠲᠦᠷᠡᠪᠡᠯ᠂ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠬᠤ ᠠᠴᠠ ᠡᠮᠦᠨ᠎ᠡ ᠨᠡᠷ᠎ᠡ ᠮᠡᠳᠡᠭᠦᠯᠦᠭᠰᠡᠨ ᠪᠥᠬᠦ ᠬᠥᠮᠦᠰ 5 ᠲᠥᠯᠥᠭᠡᠯᠡᠭᠴᠢ ᠶᠢ ᠰᠣᠩᠭᠤᠵᠤ ᠣᠷᠣᠯᠴᠠᠭᠤᠯᠤᠨ᠎ᠠ︶︔ ᠬᠤᠭᠤᠴᠠᠭ᠎ᠠ ᠬᠡᠲᠦᠷᠡᠲᠡᠯ᠎ᠡ ᠭᠤᠶᠤᠴᠢᠯᠠᠯ ᠭᠠᠷᠭᠠᠭᠰᠠᠨ ᠦᠭᠡᠢ ᠪᠠᠶᠢᠪᠠᠯ᠂ ᠰᠠᠨᠠᠭᠠᠴᠢᠯᠠᠭ᠎ᠠ ᠠᠴᠠ ᠪᠠᠨ ᠬᠠᠶᠠᠭᠰᠠᠨ ᠢᠶᠠᠷ ᠦᠵᠡᠵᠦ᠂ ᠮᠠᠨ ᠤ ᠲᠣᠪᠴᠢᠶ᠎ᠠ ᠲᠠᠬᠢᠵᠤ ᠬᠦᠯᠢᠶᠡᠨ ᠠᠪᠴᠤ  ᠰᠢᠢᠳᠪᠦᠷᠢᠯᠡᠬᠦ ᠦᠭᠡᠢ᠃ ︵ᠠᠰᠠᠭᠤᠨ ᠯᠠᠪᠯᠠᠬᠤ ᠤᠲᠠᠰᠤ᠄ 0476 — 4669975︶    ᠣᠨᠴᠠᠭᠠᠶᠢᠯᠠᠨ ᠵᠠᠷᠯᠠᠪᠠ               ᠠᠤᠬᠠᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ                        2023 ᠣᠨ ᠤ 9 ᠰᠠᠷ᠎ᠠ ᠶᠢᠨ 5 ᠤ ᠡᠳᠦᠷ
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号