ᠲᠠᠶᠢᠹᠤᠰᠧ ᠬᠤᠰᠢᠭᠤᠨ ᠤ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠳᠤ ᠢᠷᠡᠵᠦ ᠰᠢᠨᠵᠢᠯᠡᠨ ᠪᠠᠶᠢᠴᠠᠭᠠᠵᠤ ᠰᠠᠨᠠᠯ ᠢᠶᠠᠨ ᠰᠣᠯᠢᠯᠴᠠᠪᠠ
ᠨᠡᠶᠢᠲᠡᠯᠡᠭᠰᠡᠨ ᠴᠠᠭ᠄
2023/9/6
   9 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠰᠢᠯᠢ ᠶᠢᠨ ᠭᠤᠤᠯ ᠠᠶᠢᠮᠠᠭ ᠤᠨ ᠲᠠᠶᠢᠹᠤᠰᠧ ᠬᠤᠰᠢᠭᠤᠨ ᠤ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠳᠤ  ᠢᠷᠡᠵᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠤᠬᠠᠶ ᠰᠢᠨᠵᠢᠯᠡᠨ ᠪᠠᠶᠢᠴᠠᠭᠠᠵᠤ ᠰᠠᠨᠠᠯ ᠢᠶᠠᠨ ᠰᠣᠯᠢᠯᠴᠠᠪᠠ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶ ᠰᠢᠤᠢ ᠳ᠋ᠦᠩ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃
   ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ  ᠰᠠᠯᠪᠤᠷᠢ ᠰᠢᠶᠠᠩ ᠤᠨ ᠰᠠᠨ ᠱᠢ ᠡᠯ ᠯᠢᠶᠠᠨ ᠱᠠᠨ ᠠᠭᠤᠯᠠᠨ ᠤ ᠬᠠᠭᠤᠷᠠᠢ ᠲᠠᠷᠢᠮᠠᠯ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠮᠠᠨᠢᠬᠠᠨ ᠰᠢᠶᠠᠩ ᠤᠨ ᠦ᠋ ᠱᠢ ᠵᠢᠶᠠ ᠽᠢ ᠲᠣᠰᠬᠤᠨ ᠤ ᠥᠨᠳᠥᠷ ᠪᠠᠷᠢᠮᠵᠢᠶᠠᠲᠤ ᠱᠠᠲᠤᠨ ᠲᠠᠷᠢᠶᠠᠨ ᠤ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠣᠯᠤᠨ ᠰᠢᠨ ᠾᠦᠢ ᠪᠠᠯᠭᠠᠰᠤᠨ ᠤ  ᠵᠠᠰᠠᠷᠠᠬᠤ ᠶᠢᠨ ᠠᠶᠢᠯ ᠲᠣᠰᠬᠤᠨ ᠤ ᠬᠠᠭᠤᠷᠠᠢ ᠲᠠᠷᠢᠮᠠᠯ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ ᠰᠢᠨᠵᠢᠯᠡᠨ ᠪᠠᠶᠢᠴᠠᠭᠠᠵᠤ᠂ ᠬᠤᠯᠪᠣᠭᠳᠠᠯ ᠪᠦᠬᠦᠢ ᠲᠦᠷᠦᠯ ᠵᠦᠢᠯ ᠤᠨ ᠬᠠᠷᠢᠭᠤᠴᠠᠯᠭᠠᠲᠠᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠨᠠᠷᠢᠨ ᠰᠣᠨᠣᠰᠴᠠᠢ᠃ ᠵᠢᠶ ᠰᠢᠤᠢ ᠳ᠋ᠦᠩ ᠮᠠᠨ ᠤ ᠬᠤᠰᠢᠭᠤᠨ ᠤ ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠲᠠᠨᠢᠯᠴᠠᠭᠤᠯᠪᠠ᠃ ᠲᠡᠷᠡ᠂ ᠣᠯᠠᠨ ᠵᠢᠯ ᠤᠨ ᠲᠤᠷᠰᠢ᠂ ᠠᠤᠬᠠᠨ ᠬᠤᠰᠢᠭᠤ ᠲᠠᠰᠤᠷᠠᠯᠲᠠ ᠥᠬᠡᠶ ᠭᠠᠵᠠᠷ ᠰᠢᠷᠣᠶ ᠶᠢ ᠡᠮᠬᠢᠯᠡᠨ ᠨᠡᠶᠢᠯᠡᠭᠦᠯᠵᠦ᠂ ᠭᠠᠵᠠᠷ ᠰᠢᠷᠣᠶ ᠶᠢᠨ ᠦᠷ᠎ᠡ ᠠᠰᠢᠭ ᠢ ᠬᠠᠮᠤᠭ ᠤᠨ ᠶᠡᠭᠡ ᠬᠡᠮᠵᠢᠶᠡᠨ ᠳᠤ ᠬᠦᠷᠭᠡᠵᠦ᠂ ᠲᠠᠷᠢᠶᠠᠯᠠᠬᠤ ᠨᠥᠬᠦᠴᠡᠯ ᠢ ᠰᠠᠶᠢᠵᠢᠷᠠᠭᠤᠯᠤᠨ᠂ ᠡᠬᠢ ᠪᠠᠶᠠᠯᠢᠭ ᠢ  ᠭᠦᠢᠴᠡᠳ ᠠᠰᠢᠭᠯᠠᠬᠤ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠵᠦ᠂ ᠪᠥᠬᠦ ᠬᠤᠰᠢᠭᠤᠨ ᠤ ᠲᠠᠷᠢᠶᠠᠴᠢᠳ ᠲᠤ ᠯᠤᠲᠤ ᠶᠡᠭᠡ ᠠᠵᠤ ᠠᠬᠤᠶ ᠶᠢᠨ ᠠᠰᠢᠭ ᠲᠤᠰᠠ ᠪᠠ ᠨᠡᠶᠢᠭᠡᠮ ᠤᠨ ᠦᠷ᠎ᠡ ᠠᠰᠢᠭ ᠢ ᠣᠯᠭᠤᠭᠰᠠᠨ ᠪᠠᠶᠢᠨ᠎ᠠ᠃ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠨᠢᠭᠡ ᠯᠡ ᠳᠡᠭᠡᠷ᠎ᠡ ᠪᠦᠲᠦᠭᠡᠴᠢᠬᠡᠬᠦ ᠪᠢᠰᠢ᠂ ᠤᠯᠠᠨ ᠲᠠᠯ᠎ᠠ ᠪᠠᠷ ᠬᠦᠴᠦᠯᠡᠵᠦ᠂ ᠤᠷᠲᠤ ᠬᠤᠭᠤᠴᠠᠭ᠎ᠠ ᠪᠠᠷ ᠴᠢᠷᠮᠠᠶᠢᠬᠤ ᠬᠡᠷᠡᠭᠲᠡᠶ᠂ ᠭᠠᠭᠴᠠ ᠬᠦ ᠲᠠᠷᠢᠶᠠᠯᠠᠩ ᠤᠨ ᠬᠥᠭᠵᠢᠯᠲᠡ ᠶᠢᠨ ᠡᠷᠡᠭᠦᠯ ᠰᠠᠶᠢᠨ ᠣᠷᠴᠢᠨ ᠨᠥᠬᠦᠴᠡᠯ ᠢ ᠪᠤᠢ ᠪᠣᠯᠭᠠᠪᠠᠯ ᠰᠠᠶ᠋ᠢ ᠡᠳᠡᠭᠡᠷ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠤᠷᠲᠤ ᠬᠤᠭᠤᠴᠠᠭ᠎ᠠ ᠪᠠᠷ ᠬᠥᠭᠵᠢᠭᠦᠯᠵᠦ ᠴᠢᠳᠠᠨ᠎ᠠ᠃ ᠬᠤᠶᠠᠷ ᠲᠠᠯ᠎ᠠ ᠪᠠᠷ ᠢᠶᠠᠨ ᠦᠷᠭᠦᠯᠵᠢᠯᠡᠨ ᠬᠠᠮᠲᠤᠷᠠᠯᠴᠠᠨ ᠬᠥᠭᠵᠢᠬᠦ ᠬᠠᠷᠢᠴᠠᠭ᠎ᠠ ᠪᠠᠨ ᠪᠠᠲᠤᠯᠠᠵᠤ᠂ ᠨᠢᠭᠲᠠ ᠬᠠᠷᠢᠯᠴᠠᠵᠤ᠂ ᠬᠠᠭᠤᠷᠠᠶ ᠲᠠᠷᠢᠶᠠᠯᠠᠭ᠎ᠠ ᠶᠢᠨ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠪᠠᠷ ᠨᠡᠪᠲᠡᠷᠡᠯᠴᠡᠭᠡ ᠰᠣᠯᠢᠯᠴᠠᠭ᠎ᠠ ᠪᠠᠨ ᠴᠢᠩᠭᠠᠳᠬᠠᠵᠤ᠂ ᠬᠠᠭᠤᠷᠠᠶ ᠲᠠᠷᠢᠶᠠᠯᠠᠭ᠎ᠠ ᠶᠢᠨ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠶᠢ ᠬᠦᠰᠡᠵᠦ ᠪᠠᠶᠢᠨ᠎ᠠ  ᠭᠡᠵᠦ ᠵᠢᠭᠠᠨ ᠭᠠᠷᠭᠠᠪᠠ᠃
   ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ᠂ ᠠᠤᠬᠠᠨ ᠬᠤᠰᠢᠭᠤᠨ ᠤ ᠬᠠᠭᠤᠷᠠᠢ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠵᠢᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠰᠠᠶᠢᠨ ᠲᠤᠷᠰᠢᠯᠭ᠎ᠠ᠂ ᠰᠠᠶᠢᠨ ᠠᠷᠭ᠎ᠠ ᠶᠢ ᠪᠦᠬᠦ ᠲᠠᠯ᠎ᠠ ᠪᠠᠷ ᠰᠤᠷᠤᠯᠴᠠᠵᠤ᠂  ᠲᠠᠶᠢᠹᠦᠰᠧ ᠬᠤᠰᠢᠭᠤᠨ ᠤ ᠲᠠᠷᠢᠶᠠᠯᠠᠩ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠳᠤᠬᠢᠷᠠᠭᠤᠯᠵᠤ᠂  ᠲᠠᠶᠢᠹᠤᠰᠧ ᠬᠤᠰᠢᠭᠤᠨ ᠤ ᠲᠠᠷᠢᠶᠠᠯᠠᠩ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠨᠡᠮᠡᠷᠢᠯᠡᠨ᠎ᠡ ᠭᠡᠵᠦ ᠢᠯᠡᠷᠬᠡᠶᠢᠯᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号