ᠤᠯᠠᠭᠠᠨᠬᠠᠳᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠳᠤ ᠢᠷᠡᠵᠦ ᠪᠠᠶᠢᠴᠠᠭᠠᠨ  ᠰᠣᠳᠤᠯᠤᠯᠲᠠ ᠬᠢᠪᠡ
ᠨᠡᠶᠢᠲᠡᠯᠡᠭᠰᠡᠨ ᠴᠠᠭ᠄
2023/9/6
 
   9 ᠰᠠᠷ᠎ᠠ ᠶᠢᠨ 4 ᠠᠴᠠ 5 ᠤ ᠡᠳᠦᠷ ᠪᠣᠯᠲᠠᠯ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠵᠥᠪᠯᠡᠯ ᠤᠨ ᠡᠷᠬᠢᠯᠡᠭᠴᠢ ᠭᠡᠰᠢᠭᠦᠨ ᠵᠠᠩ ᠵᠢᠶᠧ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠮᠠᠨ ᠤ ᠬᠤᠰᠢᠭᠤᠨ ᠳᠤ ᠢᠷᠡᠵᠦ ᠲᠠᠷᠢᠮᠠᠯ ᠤᠨ ᠦᠷ᠎ᠡ ᠶᠢᠨ ᠠᠵᠤ  ᠦᠢᠯᠡᠰ ᠤᠨ ᠬᠥᠭᠵᠢᠯᠲᠡ ᠶᠢᠨ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠬᠤ ᠶᠢᠨ  ᠬᠠᠮᠲᠤ  ᠶᠠᠷᠢᠯᠴᠠᠬᠤ ᠬᠤᠷᠠᠯ ᠬᠤᠷᠠᠯᠳᠤᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠹᠧᠩ ᠶᠦᠨ ᠾᠦᠢ  ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠥᠪᠥᠷ ᠮᠣᠩᠭᠤᠯ ᠤᠨ ᠪᠠᠶ ᠸᠧᠶ ᠲᠠᠷᠢᠶᠠᠯᠠᠩ ᠤᠨ ᠬᠢᠵᠠᠭᠠᠷᠲᠤ ᠺᠣᠮᠫᠠᠨᠢ ᠶᠢᠨ ᠡᠷᠳᠡᠨᠢ ᠰᠢᠰᠢ ᠶᠢᠨ ᠦᠷ᠎ᠡ ᠶᠢᠨ  ᠦᠢᠯᠡᠳᠪᠦᠷᠢᠯᠡᠯ ᠤᠨ ᠰᠠᠭᠤᠷᠢᠨ ᠭᠠᠵᠠᠷ᠂ ᠠᠤᠬᠠᠨ ᠬᠤᠰᠢᠭᠤᠨ ᠤ ᠨᠠᠷᠢᠮᠤ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠠᠷᠢᠮᠠᠯ ᠤᠨ ᠰᠠᠭᠤᠷᠢᠨ ᠭᠠᠵᠠᠷ᠂ ᠥᠪᠥᠷ ᠮᠣᠩᠭᠤᠯ ᠤᠨ ᠾᠧ ᠸᠧᠶ ᠬᠦᠶ ᠦᠷ᠎ᠡ ᠶᠢᠨ ᠦᠢᠯᠡᠰ ᠤᠨ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠮᠠᠨ ᠤ ᠬᠤᠰᠢᠭᠤᠨ ᠤ ᠦᠷ᠎ᠡ ᠶᠢᠨ  ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃    ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠠᠷᠢᠮᠠᠯ ᠤᠨ ᠦᠷ᠎ᠡ ᠶᠢᠨ ᠠᠵᠤ  ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠢᠴᠢ ᠲᠠᠷᠢᠮᠠᠯ ᠤᠨ ᠲᠣᠮᠣ ᠡᠷᠦᠬᠡ ᠶᠢᠨ ᠲᠥᠯᠥᠭᠡᠯᠡᠭᠴᠢ ᠲᠣᠰ ᠲᠣᠰ ᠲᠠᠷᠢᠮᠠᠯ ᠤᠨ ᠦᠷ᠎ᠡ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠤᠬᠠᠶ ᠶᠠᠷᠢᠯᠴᠠᠨ ᠰᠣᠯᠢᠯᠴᠠᠵᠤ᠂ ᠲᠠᠷᠢᠮᠠᠯ ᠤᠨ ᠦᠷ᠎ᠡ ᠶᠢᠨ ᠠᠵᠤ ᠦᠢᠯᠡᠰ ᠤᠨ ᠠᠵᠢᠯ ᠢ ᠥᠷᠨᠢᠭᠦᠯᠬᠦ ᠶᠠᠪᠤᠴᠠ ᠳᠤ ᠲᠣᠬᠢᠶᠠᠯᠳᠤᠭᠰᠠᠨ ᠠᠰᠠᠭᠤᠳᠠᠯ ᠢ ᠨᠠᠷᠢᠨ ᠲᠠᠨᠢᠯᠴᠠᠭᠤᠯᠬᠤ ᠶᠢᠨ ᠬᠠᠮᠲᠤ ᠬᠠᠨᠳᠤᠯᠭᠠᠲᠤ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠪᠠ᠃
   ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ᠂ ᠦᠷ᠎ᠡ ᠶᠢᠨ ᠦᠢᠯᠡᠰ ᠪᠣᠯ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠭᠤᠤᠯᠯᠠᠬᠤ ᠠᠵᠤ ᠦᠢᠯᠡᠰ ᠮᠥᠨ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠪᠠ ᠭᠤᠤᠯ ᠪᠣᠯᠬᠤ ᠲᠠᠷᠢᠶᠠᠯᠠᠩ ᠤᠨ ᠪᠦᠲᠦᠭᠡᠭᠳᠡᠬᠦᠨ ᠤ ᠪᠦᠲᠦᠮᠵᠢᠲᠡᠶ ᠬᠠᠩᠭᠠᠯᠭ᠎ᠠ ᠶᠢ ᠪᠠᠲᠤᠯᠠᠬᠤ ᠴᠢᠬᠤᠯᠠ ᠰᠠᠭᠤᠷᠢ ᠮᠥᠨ᠃ ᠠᠤᠬᠠᠨ ᠬᠤᠰᠢᠭᠤ ᠪᠣᠯ ᠲᠠᠷᠢᠶᠠᠯᠠᠩ ᠤᠨ ᠲᠣᠮᠣ ᠬᠤᠰᠢᠭᠤ ᠮᠥᠨ᠂ ᠦᠷ᠎ᠡ ᠶᠢᠨ  ᠦᠢᠯᠡᠰ ᠤᠨ ᠬᠥᠭᠵᠢᠯᠲᠡ ᠶᠢᠨ ᠰᠠᠭᠤᠷᠢ ᠰᠠᠶᠢᠨ᠂ ᠬᠤᠰᠢᠭᠤᠨ ᠤ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠦᠷ᠎ᠡ ᠶᠢᠨ  ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠠ ᠶᠡᠭᠡ ᠳᠡᠭᠡᠳᠦ ᠰᠤᠷᠭᠠᠭᠤᠯᠢ ᠲᠠᠢ ᠥᠷᠭᠡᠨ ᠢᠶᠠᠷ ᠬᠠᠮᠲᠤᠷᠠᠨ ᠠᠵᠢᠯᠯᠠᠬᠤ ᠬᠡᠷᠡᠭᠲᠡᠶ᠃ ᠤᠯᠠᠮᠵᠢᠯᠠᠯᠲᠤ ᠲᠠᠷᠢᠶᠠᠴᠢᠨ ᠡᠷᠦᠬᠡ ᠶᠢᠨ ᠡᠭᠦᠯᠳᠡᠷ ᠢ ᠴᠡᠪᠡᠷᠰᠢᠭᠦᠯᠦᠨ ᠪᠤᠶᠢᠵᠢᠭᠤᠯᠬᠤ᠂ ᠰᠠᠨᠰᠠᠷ ᠤᠨ ᠠᠶᠠᠯᠠᠯ ᠢᠶᠠᠷ ᠡᠭᠦᠯᠳᠡᠷ ᠪᠤᠶᠢᠵᠢᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠰᠢᠯᠢᠳᠡᠭ ᠰᠠᠶᠢᠨ ᠲᠠᠷᠢᠮᠠᠯ ᠤᠨ ᠡᠭᠦᠯᠳᠡᠷ ᠢ ᠢᠳᠡᠪᠬᠢᠲᠡᠶ ᠪᠠᠷ ᠪᠤᠶᠢᠵᠢᠭᠤᠯᠵᠤ᠂ ᠲᠠᠷᠢᠮᠠᠯ ᠤᠨ ᠦᠷ᠎ᠡ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ᠃ ᠬᠤᠶᠢᠰᠢᠳᠠ ᠶᠢᠨ ᠠᠵᠢᠯ ᠤᠨ ᠳᠤᠮᠳᠠ ᠪᠠᠨ ᠲᠠᠷᠢᠮᠠᠯ ᠤᠨ ᠦᠷ᠎ᠡ ᠶᠢᠨ ᠠᠵᠤ ᠦᠢᠯᠡᠰ ᠤᠨ ᠬᠥᠭᠵᠢᠯᠲᠡ ᠶᠢᠨ  ᠬᠡᠪᠴᠢᠶ᠎ᠡ ᠶᠢ ᠦᠷᠭᠦᠯᠵᠢᠯᠡᠨ ᠨᠡᠮᠡᠭᠳᠡᠭᠦᠯᠵᠦ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠵᠢᠷᠤᠮᠵᠢᠭᠰᠠᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠠᠷᠢᠮᠵᠢᠶᠠᠵᠢᠭᠰᠠᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠬᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ  ᠢᠯᠡᠷᠬᠡᠶᠢᠯᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号