ᠤᠨᠴᠠᠯᠢᠬᠳᠤ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ ᠠᠤᠬᠠᠨ ᠤ ᠰᠠᠶᠢᠨ ᠰᠠᠶᠢᠬᠠᠨ ᠣᠷᠣᠰᠢᠨ ᠰᠠᠭᠤᠷᠢᠰᠢᠯ ᠢ ᠪᠦᠲᠦᠭᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2024/1/11
    ᠣᠶᠢᠷ᠎ᠠ ᠶᠢᠨ ᠵᠢᠯ ᠤᠳ ᠲᠤ᠂ ᠠᠣᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ︽ᠠᠷᠠᠳ ᠢᠶᠠᠷ ᠦᠨᠳᠦᠰᠦ ᠪᠣᠯᠭᠠᠬᠤ ᠶᠢ ᠪᠠᠶᠢᠭᠤᠯᠵᠤ᠂ ᠠᠷᠠᠳ ᠢᠶᠠᠷ ᠦᠨᠳᠦᠰᠦ ᠪᠣᠯᠭᠠᠬᠤ ᠶᠢ ᠪᠠᠷᠢᠮᠳᠠᠯᠠᠬᠤ︾ ᠣᠶᠢᠯᠠᠭᠠᠭᠳᠠᠬᠤᠨ ᠢ ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ  ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠬᠤᠶᠠᠷ ᠶᠡᠭᠡ ᠶᠠᠪᠤᠳᠠᠯ︾ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠬᠤᠲᠠ ᠬᠥᠳᠡᠭᠡ︾ ᠶᠢ ᠪᠠᠶᠢᠭᠤᠯᠬᠤ ᠪᠠᠷ ᠬᠠᠷᠠᠯᠲᠠ ᠪᠣᠯᠭᠠᠨ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠪᠠᠷ ᠭᠤᠤᠯᠳᠠᠯᠭ᠎ᠠ ᠪᠣᠯᠭᠠᠵᠤ᠂ ︽ᠰᠤᠷᠲᠠᠯ ᠢᠶᠠᠨ ᠬᠤᠪᠢᠷᠠᠭᠤᠯᠬᠤ᠂ ᠦᠢᠯᠡᠴᠢᠯᠡᠭᠡ ᠪᠠᠨ ᠰᠢᠯᠢᠳᠡᠭᠵᠢᠭᠦᠯᠬᠦ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ︾ ᠪᠠᠷ ᠭᠠᠷᠳᠠᠴᠠ ᠪᠣᠯᠭᠠᠵᠤ᠂ ᠤᠨᠴᠠᠯᠢᠬᠳᠤ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃    2023 ᠣᠨ ᠠᠴᠠ ᠨᠠᠰᠢ᠂ ᠠᠣᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠳᠡᠭᠡᠳᠦ ᠱᠠᠲᠤᠨ ᠤ 6265 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ  ᠴᠢᠷᠮᠠᠶᠢᠨ ᠣᠯᠵᠤ᠂ ᠡᠭᠦᠨ ᠳᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠪᠠᠯᠠ ᠮᠥᠩᠭᠦ 1508 ᠲᠦᠮᠡᠨ ᠲᠥᠭᠦᠷᠢᠭ᠂ ᠬᠤᠲᠠ ᠶᠢᠨ ᠶᠠᠪᠤᠳᠠᠯ ᠤᠨ ᠵᠠᠮ ᠤᠨ ᠪᠠᠯᠠ ᠮᠥᠩᠭᠦ 2882 ᠲᠦᠮᠡᠨ ᠲᠥᠭᠦᠷᠢᠭ᠂ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠪᠠᠯᠠ ᠮᠥᠩᠭᠦ 1780 ᠲᠦᠮᠡᠨ ᠲᠥᠭᠦᠷᠢᠭ᠂ ᠪᠣᠬᠢᠷ ᠤᠰᠤ ᠶᠢ ᠰᠢᠢᠳᠪᠦᠷᠢᠯᠡᠬᠦ ᠪᠠᠯᠠ ᠮᠥᠩᠭᠦ 95 ᠲᠦᠮᠡᠨ ᠲᠥᠭᠦᠷᠢᠭ ᠪᠣᠶ᠃ ᠰᠢᠨ᠎ᠡ ᠬᠤᠲᠠ ᠲᠣᠭᠤᠷᠢᠭ ᠤᠨ  ᠨᠠᠢᠮᠠᠳᠤᠭᠠᠷ ᠪᠠᠭ᠎ᠠ ᠰᠤᠷᠭᠠᠭᠤᠯᠢ ᠶᠢᠨ ᠡᠮᠦᠨᠡᠬᠢ  ᠾᠦᠢ ᠽᠧ ᠵᠠᠮ ᠢ ᠪᠥᠲᠥᠭᠡᠨ ᠪᠠᠶᠢᠭᠤᠯᠵᠤ᠂ ᠣᠷᠣᠯᠠᠨ ᠪᠠᠶᠢᠭᠤᠯᠤᠭᠰᠠᠨ ᠠᠣᠬᠠᠨ ᠬᠤᠰᠢᠭᠤᠨ ᠤ ᠡᠮᠨᠡᠯᠭᠡ ᠶᠢᠨ ᠬᠤᠷᠢᠶᠠᠨ ᠤ ᠡᠪᠡᠳᠴᠢᠲᠡᠨ ᠤ ᠠᠰᠠᠷ ᠤᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠪᠠ᠃ ᠬᠠᠭᠤᠴᠢᠨ ᠬᠤᠲᠠ ᠲᠣᠭᠤᠷᠢᠭ ᠲᠤ ᠴᠢᠩ ᠴᠢᠤᠸᠠᠨ ᠵᠠᠮ᠂ ᠰᠢ ᠱᠠᠨ ᠪᠠᠶᠢᠰᠢᠩ ᠲᠣᠭᠤᠷᠢᠭ ᠤᠨ 2 ᠵᠤᠷᠪᠤᠰ ᠱᠦᠢᠨᠢ ᠵᠠᠮ᠂ ᠰᠢᠨ ᠵᠥᠩ ᠵᠡᠭᠡᠯᠢ ᠶᠢᠨ ᠬᠤᠶᠢᠲᠤ ᠬᠡᠰᠡᠭ ᠪᠠ ᠮᠧᠩ ᠵᠥᠩ ᠵᠡᠭᠡᠯᠢ ᠶᠢᠨ ᠵᠠᠮ ᠤᠨ ᠳ᠋ᠧᠩ ᠢ 112 ᠰᠠᠭᠤᠷᠢ ᠤᠭᠰᠠᠷᠠᠵᠤ᠂ ᠭᠠᠵᠠᠷ ᠳᠣᠤᠷᠠᠬᠢ ᠬᠤᠳᠠᠯᠳᠤᠭᠠᠨ ᠤ ᠵᠡᠭᠡᠯᠢ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠡᠬᠢᠯᠡᠭᠦᠯᠵᠦ᠂ 2023 ᠣᠨ ᠳᠤ ᠡᠬᠢᠯᠡᠭᠦᠯᠵᠦ᠂ 2024 ᠣᠨ ᠳᠤ ᠰᠤᠷᠭᠠᠨ ᠬᠥᠮᠦᠵᠢᠯ ᠤᠨ ᠣᠷᠣᠨ ᠰᠠᠭᠤᠴᠠ ᠶᠢᠨ ᠠᠰᠠᠷ᠂ ᠴᠢᠯᠠᠭᠤᠨ ᠲᠣᠰᠣᠨ ᠤ ᠺᠣᠮᠫᠠᠨᠢ ᠶᠢᠨ ᠣᠷᠣᠨ ᠰᠠᠭᠤᠴᠠ ᠶᠢᠨ ᠠᠰᠠᠷ ᠂ ᠵᠠᠮ ᠬᠠᠷᠢᠯᠴᠠᠭᠠᠨ ᠤ ᠲᠣᠪᠴᠢᠶ᠎ᠠ ᠶᠢᠨ ᠣᠷᠣᠨ ᠰᠠᠭᠤᠴᠠ ᠶᠢᠨ ᠠᠰᠠᠷ ᠵᠡᠷᠭᠡ 4 ᠵᠢᠵᠢᠭ ᠲᠣᠭᠤᠷᠢᠭ ᠤᠨ ᠡᠨᠧᠷᠭᠢ ᠠᠷᠪᠢᠯᠠᠵᠤ ᠳᠤᠯᠠᠭᠠᠨ ᠢ ᠬᠠᠮᠠᠭᠠᠯᠠᠬᠤ ᠥᠭᠡᠷᠡᠴᠢᠯᠡᠯᠲᠡ ᠶᠢ ᠪᠡᠶᠡᠯᠡᠭᠦᠯᠵᠦ᠂ ᠠᠣᠬᠠᠨ ᠬᠤᠰᠢᠭᠤᠨ ᠤ ᠲᠠᠷᠢᠶᠠᠯᠠᠩ ᠤᠨ ᠪᠠᠩᠬᠢ ᠶᠢᠨ ᠣᠷᠣᠨ ᠰᠠᠭᠤᠴᠠ ᠶᠢᠨ ᠠᠰᠠᠷ᠂ ᠵᠠᠮ ᠬᠠᠷᠢᠯᠴᠠᠭᠠᠨ ᠤ ᠴᠠᠭᠳᠠᠭ᠎ᠠ ᠶᠢᠨ ᠠᠩᠭᠢ ᠶᠢᠨ ᠣᠷᠣᠨ ᠰᠠᠭᠤᠴᠠ ᠶᠢᠨ ᠠᠰᠠᠷ ᠵᠡᠷᠭᠡ 29 ᠬᠠᠭᠤᠴᠢᠨ ᠵᠢᠵᠢᠭ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠪᠠᠶᠢᠭᠤᠯᠵᠤ᠂ ᠬᠠᠭᠤᠴᠢᠨ ᠬᠤᠲᠠ ᠲᠣᠭᠤᠷᠢᠭ ᠤᠨ ᠦᠶᠡᠷ ᠢ ᠰᠡᠷᠭᠡᠶᠢᠯᠡᠬᠦ ᠰᠤᠪᠠᠭ ᠤᠨ ᠦᠶᠡᠷ ᠢ ᠰᠡᠷᠭᠡᠶᠢᠯᠡᠬᠦ ᠤᠰᠤᠲᠤᠯ ᠢ ᠰᠡᠷᠭᠡᠶᠢᠯᠡᠬᠦ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠡᠭᠦᠨ ᠤ ᠬᠠᠮᠲᠤ᠂ ᠠᠷᠠᠯᠵᠢᠶ᠎ᠠ ᠡᠵᠡᠩᠨᠡᠬᠦ ᠣᠷᠴᠢᠨ  ᠨᠦᠭᠦᠴᠡᠯ ᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠲᠥᠷᠥᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠪᠥᠬᠦ ᠬᠤᠲᠠ ᠶᠢᠨ ᠠᠩᠬᠠᠳᠠᠭᠴᠢ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ ᠤᠨ  ᠡᠯᠧᠺᠲᠷᠣᠨ ᠦᠨᠡᠮᠯᠡᠯ ᠣᠯᠭᠤᠬᠤ ᠠᠵᠢᠯ ᠢ ᠪᠡᠶᠡᠯᠡᠭᠦᠯᠦᠨ᠂ ᠬᠠᠮᠲᠤᠷᠠᠨ ᠰᠢᠯᠭᠠᠨ ᠠᠪᠬᠤ ᠪᠠ ᠭᠠᠭᠴᠠ ᠰᠠᠭᠤᠷᠢ ᠪᠠᠷ ᠰᠢᠯᠭᠠᠨ ᠠᠪᠬᠤ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠳᠤ ᠨᠡᠶᠢᠲᠡᠯᠢᠭ ᠵᠢᠱᠢᠶ᠎ᠡ ᠪᠣᠯᠭᠠᠨ ᠳᠡᠯᠭᠡᠷᠡᠭᠦᠯᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号