ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠠᠯ ᠤᠨᠲᠠᠷᠠᠭᠠᠬᠤ ᠦᠢᠯᠡᠳᠭᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ  ᠴᠢᠩᠭᠠᠳᠬᠠᠪᠠ
ᠨᠡᠶᠢᠲᠡᠯᠡᠭᠰᠡᠨ ᠴᠠᠭ᠄
2024/1/11
    ᠭᠠᠯ ᠤᠨᠲᠠᠷᠠᠭᠠᠬᠤ ᠦᠢᠯᠡᠳᠬᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠭᠠᠯ ᠤᠨᠲᠠᠷᠠᠭᠠᠬᠤ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠲᠥᠯᠥᠭᠡ᠂ ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠠᠯ ᠤᠨᠲᠠᠷᠠᠭᠠᠬᠤ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠤᠰᠬᠠᠶ ᠬᠢᠨᠠᠯᠲᠠ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃    ᠬᠠᠤᠯᠢ ᠬᠡᠷᠡᠭᠵᠢᠭᠦᠯᠬᠦ ᠠᠵᠢᠯᠲᠠᠨ ᠬᠠᠷᠢᠶᠠᠲᠤ ᠣᠷᠣᠨ ᠤ ᠭᠠᠯ ᠤᠨᠲᠠᠷᠠᠭᠠᠬᠤ ᠦᠢᠯᠡᠳᠬᠦᠨ ᠤ ᠡᠵᠡᠩᠨᠡᠯᠲᠡ ᠶᠢᠨ ᠡᠷᠦᠬᠡ ᠳᠤ ᠪᠥᠬᠦ ᠲᠠᠯ᠎ᠠ ᠶᠢᠨ ᠬᠢᠨᠠᠯᠲᠠ ᠪᠠᠶᠢᠴᠠᠭᠠᠯᠲᠠ ᠬᠢᠵᠦ᠂ ᠳᠡᠭᠦᠵᠢᠯᠡᠭᠦᠷ ᠮᠠᠶ᠋ᠢᠭ ᠤᠨ ᠬᠠᠭᠤᠷᠠᠢ ᠨᠤᠨᠳᠠᠭ ᠤᠨ ᠭᠠᠯ ᠤᠨᠲᠠᠷᠠᠭᠠᠭᠤᠷ᠂ ᠭᠠᠯ ᠤᠨᠲᠠᠷᠠᠭᠠᠬᠤ ᠤᠰᠤᠨ ᠪᠦᠰᠡ᠂ ᠪᠠᠴᠢᠮ ᠪᠠᠶᠢᠳᠠᠯ ᠢ ᠠᠷᠭᠠᠴᠠᠬᠤ ᠭᠡᠷᠡᠯᠲᠦᠭᠦᠯᠭᠡ᠂ ᠲᠠᠷᠬᠠᠭᠠᠬᠤ ᠵᠢᠭᠠᠯᠲᠠ ᠶᠢᠨ ᠲᠡᠮᠳᠡᠭ᠂ ᠭᠠᠯ ᠤᠨᠲᠠᠷᠠᠭᠠᠬᠤ ᠬᠡᠪᠢᠰ ᠵᠡᠷᠭᠡ ᠪᠠᠶᠢᠩᠭᠤ ᠬᠡᠷᠡᠭᠯᠡᠬᠦ ᠭᠠᠯ ᠤᠨᠲᠠᠷᠠᠭᠠᠬᠤ ᠪᠦᠲᠦᠭᠡᠭᠳᠡᠬᠦᠨ ᠢᠶᠠᠷ ᠭᠤᠤᠯᠳᠠᠯᠭ᠎ᠠ ᠪᠣᠯᠭᠠᠨ᠂ ᠭᠠᠯ ᠤᠨᠲᠠᠷᠠᠭᠠᠬᠤ ᠦᠢᠯᠡᠳᠬᠦᠨ ᠤ ᠭᠠᠳᠠᠷ ᠪᠠᠶᠢᠳᠠᠯ ᠤᠨ ᠲᠡᠮᠳᠡᠭ᠂ ᠦᠢᠯᠡᠳᠪᠦᠷᠢᠯᠡᠬᠦ ᠦᠢᠯᠡᠳᠪᠦᠷᠢ ᠶᠢᠨ ᠨᠡᠷ᠎ᠡ᠂ ᠦᠢᠯᠡᠳᠪᠦᠷᠢ ᠶᠢᠨ ᠬᠠᠶ᠋ᠢᠭ ᠬᠢᠭᠡᠳ ᠭᠠᠷᠤᠯᠲᠠ ᠶᠢᠨ ᠭᠠᠵᠠᠷ᠂ ᠦᠢᠯᠡᠳᠬᠦᠨ ᠤ ᠬᠢᠷᠢ ᠲᠡᠩᠴᠡᠭᠰᠡᠨ ᠦᠨᠡᠮᠯᠡᠯ ᠵᠡᠷᠭᠡ ᠰᠠᠭᠤᠷᠢ ᠮᠡᠳᠡᠭᠡ ᠵᠠᠩᠭᠢ ᠶᠢ ᠪᠠᠶᠢᠴᠠᠭᠠᠵᠤ᠂ ᠠᠯᠪᠠᠳᠠᠯᠭ᠎ᠠ ᠶᠢᠨ ᠴᠢᠨᠠᠷᠲᠠᠶ ᠭᠡᠷᠡᠴᠢᠯᠡᠯ ᠤᠨ ᠪᠦᠲᠦᠭᠡᠭᠳᠡᠬᠦᠨ ᠳᠤ ᠭᠡᠷᠡᠴᠢᠯᠡᠬᠦ ᠲᠡᠮᠳᠡᠭ ᠨᠡᠮᠡᠵᠦ ᠪᠠᠶᠢᠬᠤ ᠡᠰᠡᠬᠦ ᠶᠢ ᠬᠢᠨᠠᠨ ᠬᠠᠷᠭᠤᠭᠤᠯᠵᠤ᠂ ᠪᠠᠷᠠᠭ᠎ᠠ ᠣᠷᠣᠭᠤᠯᠬᠤ ᠳᠤ ᠪᠠᠶᠢᠴᠠᠭᠠᠨ ᠰᠢᠯᠭᠠᠬᠤ ᠳᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ᠂ ᠭᠡᠷᠡᠴᠢ ᠪᠠᠷᠢᠮᠲᠠ ᠴᠢᠩᠭ᠎ᠠ ᠠᠪᠤᠭᠰᠠᠨ ᠡᠰᠡᠬᠦ ᠵᠡᠷᠭᠡ ᠶᠢ ᠪᠠᠶᠢᠴᠠᠭᠠᠪᠠ᠃    ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ︽ᠦᠢᠯᠡᠳᠬᠦᠨ ᠤ ᠶᠠᠰᠤ ᠴᠢᠨᠠᠷ ᠤᠨ ᠬᠠᠤᠯᠢ︾᠂ ︽ᠭᠡᠷᠡᠴᠢᠯᠡᠨ ᠵᠥᠪᠰᠢᠶᠡᠷᠡᠬᠦ ᠲᠦᠷᠢᠮ︾ ᠪᠣᠯᠤᠨ ︽ᠠᠯᠪᠠᠳᠠᠯᠭ᠎ᠠ ᠶᠢᠨ ᠴᠢᠨᠠᠷᠲᠠᠶ ᠦᠢᠯᠡᠳᠬᠦᠨ ᠤ ᠭᠡᠷᠡᠴᠢᠯᠡᠭᠡ ᠶᠢᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ ᠶᠢᠨ ᠬᠠᠮᠲᠤ ᠡᠵᠡᠩᠨᠡᠭᠴᠢᠳ ᠲᠤ ᠬᠤᠳᠠᠯ ᠬᠠᠭᠤᠷᠮᠠᠭ ᠴᠢᠨᠠᠷ ᠮᠠᠭᠤ ᠭᠠᠯ ᠤᠨᠲᠠᠷᠠᠭᠠᠬᠤ ᠦᠢᠯᠡᠳᠬᠦᠨ ᠢ ᠪᠣᠷᠣᠯᠠᠭᠤᠯᠤᠭᠰᠠᠨ ᠠᠴᠠ ᠪᠣᠯᠤᠭᠰᠠᠨ ᠬᠦᠨᠳᠦ ᠨᠣᠴᠢᠲᠠᠶ ᠦᠷ᠎ᠡ ᠳ᠋ᠦᠩ ᠢ ᠰᠠᠨᠠᠭᠤᠯᠵᠤ᠂ ᠡᠵᠡᠩᠨᠡᠭᠴᠢ ᠶᠢ ᠪᠡᠶᠡᠴᠢ ᠴᠣᠭᠴᠠ ᠶᠢᠨ ᠬᠠᠷᠢᠭᠤᠴᠠᠯᠭ᠎ᠠ ᠵᠢᠴᠢ ᠠᠮᠤᠷ ᠲᠦᠪᠰᠢᠨ ᠤ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ ᠱᠠᠭᠠᠷᠳᠠᠪᠠ᠃    ᠳᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠠᠯ ᠤᠨᠲᠠᠷᠠᠭᠠᠬᠤ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠬᠤᠳᠠᠯ ᠬᠠᠭᠤᠷᠮᠠᠭ ᠴᠢᠨᠠᠷ ᠮᠠᠭᠤ ᠭᠠᠯ ᠤᠨᠲᠠᠷᠠᠭᠠᠬᠤ ᠦᠢᠯᠡᠳᠬᠦᠨ ᠪᠣᠷᠣᠯᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠭᠠᠯ ᠤᠨᠲᠠᠷᠠᠭᠠᠬᠤ ᠦᠢᠯᠡᠳᠬᠦᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠦᠷᠭᠦᠯᠵᠢᠯᠡᠨ ᠵᠢᠷᠤᠮᠵᠢᠭᠤᠯᠬᠤ ᠪᠠᠷ ᠪᠤᠢ
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号