ᠠᠤᠬᠠᠨ ᠬᠤᠰᠢᠭᠤ ᠬᠠᠭᠤᠴᠢᠨ ᠰᠠᠭᠤᠭᠠᠯᠢ  ᠲᠣᠭᠤᠷᠢᠭ ᠤᠨ ᠥᠭᠡᠷᠡᠴᠢᠯᠡᠯᠲᠡ ᠶᠢ ᠶᠡᠬᠡᠪᠡᠷ ᠠᠬᠢᠭᠤᠯᠪᠠ
ᠨᠡᠶᠢᠲᠡᠯᠡᠭᠰᠡᠨ ᠴᠠᠭ᠄
2024/1/11
     ᠠᠤᠬᠠᠨ ᠬᠤᠰᠢᠭᠤᠨ ᠤ ᠬᠤᠲᠠ ᠲᠣᠭᠤᠷᠢᠭ ᠤᠨ ᠬᠥᠮᠦᠰ ᠤᠨ ᠣᠷᠣᠰᠢᠨ ᠰᠠᠭᠤᠬᠤ ᠣᠷᠴᠢᠨ ᠨᠦᠭᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠷᠴᠢᠨ  ᠨᠦᠭᠦᠴᠡᠯ ᠢ ᠰᠠᠶᠢᠵᠢᠷᠠᠭᠤᠯᠤᠨ᠂ ᠬᠤᠲᠠ ᠶᠢᠨ ᠶᠠᠰᠤ ᠴᠢᠨᠠᠷ ᠳᠦᠷᠢ ᠲᠥᠷᠬᠦ ᠶᠢ ᠳᠡᠭᠡᠭᠰᠢᠯᠡᠭᠦᠯᠬᠦ ᠶᠢᠨ ᠲᠥᠯᠥᠭᠡ ᠂ 2021 ᠣᠨ ᠠᠴᠠ ᠨᠠᠰᠢ᠂ ᠠᠤᠬᠠᠨ ᠬᠤᠰᠢᠭᠤ ᠨᠢᠭᠡᠨᠲᠡ 39 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ 44 ᠰᠠᠤᠷᠢ 15.9 ᠲᠦᠮᠡᠨ ᠲᠡᠭᠰᠢ ᠳᠥᠷᠪᠡᠯᠵᠢᠨ ᠮᠧᠲᠷ ᠥᠭᠡᠷᠡᠴᠢᠯᠡᠨ ᠪᠠᠶᠢᠭᠤᠯᠬᠤ ᠠᠵᠢᠯ ᠤᠨ ᠡᠭᠦᠷᠭᠡ ᠶᠢ ᠪᠡᠶᠡᠯᠡᠭᠦᠯᠪᠡ᠃ 2023 ᠣᠨ ᠳᠤ᠂ ᠠᠤᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠣᠬᠠᠨ ᠬᠤᠰᠢᠭᠤᠨ ᠤ ᠲᠠᠷᠢᠶᠠᠯᠠᠩ ᠤᠨ ᠪᠠᠩᠬᠢ ᠶᠢᠨ ᠣᠷᠣᠨ ᠰᠠᠭᠤᠴᠠ ᠶᠢᠨ ᠠᠰᠠᠷ ᠵᠡᠷᠭᠡ 29 ᠬᠠᠭᠤᠴᠢᠨ ᠰᠠᠭᠤᠭᠠᠯᠢ  ᠲᠣᠭᠤᠷᠢᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠡᠬᠢᠯᠡᠭᠦᠯᠵᠦ᠂ 31 ᠠᠰᠠᠷ ᠤᠨ ᠬᠡᠷ ᠪᠠᠶᠢᠰᠢᠩ᠂ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 10.15 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ 1142 ᠡᠷᠦᠬᠡ ᠰᠠᠭᠤᠭᠠᠯᠢ ᠠᠷᠠᠳ ᠲᠤ ᠬᠤᠯᠪᠣᠭᠳᠠᠵᠤ᠂ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 3398 ᠲᠦᠮᠡᠨ ᠲᠥᠭᠦᠷᠢᠭ ᠪᠣᠯᠤᠨ᠎ᠠ᠃ ᠣᠳᠣᠬᠠᠨ ᠳᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠂ ᠣᠲᠣ ᠨᠢᠭᠡᠨᠲᠡ ᠪᠠᠷᠢᠯᠭ᠎ᠠ ᠪᠠᠷᠢᠬᠤ ᠵᠥᠪᠰᠢᠶᠡᠷᠡᠯ ᠢ ᠭᠦᠢᠴᠡᠳᠬᠡᠵᠦ ᠪᠠᠶᠢᠨ᠎ᠠ᠃ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ 2023 ᠣᠨ ᠤ 12 ᠰᠠᠷ᠎ᠠ ᠳᠤ ᠡᠬᠢᠯᠡᠨ ᠪᠠᠶᠢᠭᠤᠯᠵᠤ᠂ ᠵᠢᠱᠢᠯᠲᠡ ᠪᠠᠷ 2024 ᠣᠨ ᠤ ᠡᠴᠦᠰ ᠠᠴᠠ ᠡᠮᠦᠨ᠎ᠡ ᠳᠠᠭᠤᠰᠬᠠᠨ᠎ᠠ᠃    ᠡᠮᠦᠨᠡᠬᠢ ᠬᠤᠭᠤᠴᠠᠭᠠᠨ ᠳᠤ᠂ ᠠᠣᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠢᠭᠡᠨᠲᠡ ᠬᠠᠮᠢᠶ᠎ᠠ ᠪᠥᠬᠦᠶ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠲᠤᠷᠠᠨ ︽ᠨᠡᠶᠢᠭᠡᠮ ᠲᠣᠭᠤᠷᠢᠭ ᠲᠤ ᠣᠷᠣᠬᠤ᠂ ᠰᠠᠭᠤᠭᠠᠯᠢ ᠲᠣᠭᠤᠷᠢᠭ ᠢᠶᠠᠷ ᠶᠠᠪᠤᠵᠤ᠂ ᠰᠠᠭᠤᠭᠠᠯᠢ ᠡᠷᠦᠬᠡ ᠶᠢ ᠰᠤᠷᠪᠤᠯᠵᠢᠯᠠᠬᠤ︾ ᠠᠷᠭ᠎ᠠ ᠮᠠᠶ᠋ᠢᠭ ᠢ ᠠᠪᠴᠤ᠂ ᠡᠯ᠎ᠡ ᠬᠠᠭᠤᠴᠢᠨ ᠰᠠᠭᠤᠭᠠᠯᠢ ᠲᠣᠭᠤᠷᠢᠭ ᠤᠨ ᠰᠠᠭᠤᠭᠠᠯᠢ ᠠᠷᠠᠳ ᠤᠨ ᠥᠭᠡᠷᠡᠴᠢᠯᠡᠬᠦ ᠬᠦᠰᠡᠯ ᠡᠷᠡᠮᠡᠯᠵᠡᠯ᠂ ᠲᠥᠬᠦᠭᠡᠷᠦᠮᠵᠢ ᠶᠢᠨ ᠳᠤᠲᠠᠭᠤᠳᠠᠯ ᠵᠡᠷᠭᠡ ᠪᠥᠬᠦ ᠲᠠᠯ᠎ᠠ ᠪᠠᠷ ᠪᠠᠶᠢᠳᠠᠯ ᠢ ᠣᠶᠢᠯᠠᠭᠠᠵᠤ᠂ ᠨᠠᠷᠢᠨ ᠪᠣᠳᠠᠲᠠᠶ ᠬᠠᠭᠤᠴᠢᠨ ᠰᠠᠭᠤᠭᠠᠯᠢ ᠲᠣᠭᠤᠷᠢᠭ ᠤᠨ ᠡᠬᠡ ᠲᠠᠩᠰᠠ ᠶᠢ ᠪᠠᠶᠢᠭᠤᠯᠪᠠ᠃    ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠬᠦ ᠶᠠᠪᠤᠴᠠ ᠳᠤ ᠪᠠ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠦᠶ᠎ᠡ ᠳᠤ᠂  ᠠᠣᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠰᠠᠭᠤᠭᠠᠯᠢ ᠲᠣᠭᠤᠷᠢᠭ ᠤᠨ ᠰᠠᠭᠤᠭᠠᠯᠢ ᠠᠷᠠᠳ ᠢ ᠬᠢᠨᠠᠯᠲᠠ ᠬᠠᠮᠢᠶᠠᠷᠤᠯᠲᠠ ᠳᠤ ᠣᠷᠣᠯᠴᠠᠬᠤ ᠶᠢ ᠰᠠᠨᠠᠭᠠᠴᠢᠯᠠᠭ᠎ᠠ ᠠᠴᠠ ᠪᠠᠨ ᠱᠠᠭᠠᠷᠳᠠᠵᠤ᠂ ᠰᠠᠭᠤᠭᠠᠯᠢ  ᠲᠣᠭᠤᠷᠢᠭ ᠤᠨ ᠥᠮᠴᠢᠲᠡᠨ ᠤ ᠲᠥᠯᠥᠭᠡᠯᠡᠭᠴᠢ ︽ᠪᠠᠷᠢᠯᠭ᠎ᠠ ᠶᠢᠨ ᠮᠠᠲ᠋ᠧᠷᠢᠶᠠᠯ ᠨᠢ ᠬᠢᠷᠢ ᠲᠡᠩᠴᠡᠭᠰᠡᠨ ᠡᠰᠡᠬᠦ᠂ ᠪᠠᠷᠢᠯᠭ᠎ᠠ ᠶᠢᠨ ᠠᠵᠢᠯ ᠤᠨ ᠲᠠᠰ ᠳᠠᠷᠠᠭᠠᠯᠠᠯ ᠨᠢ ᠲᠣᠭᠲᠠᠭᠠᠯ ᠳᠤ ᠨᠡᠶᠢᠴᠡᠬᠦ ᠡᠰᠡᠬᠦ᠂ ᠬᠡᠷᠡᠭᠵᠢᠭᠦᠯᠬᠦ ᠠᠭᠤᠯᠭ᠎ᠠ ᠨᠢ ᠪᠥᠬᠦ ᠲᠠᠯ᠎ᠠ ᠶᠢᠨ ᠪᠠᠶᠢᠬᠤ ᠡᠰᠡᠬᠦ︾ ᠭᠤᠷᠪᠠᠨ ᠭᠤᠤᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠴᠤ᠂ ᠬᠠᠭᠤᠴᠢᠨ ᠰᠠᠭᠤᠭᠠᠯᠢ  ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠦᠨᠡᠨ ᠬᠦ ᠣᠯᠠᠨ ᠲᠦᠮᠡᠨ ᠤ ︽ᠠᠷᠠᠳ ᠤᠨ ᠰᠡᠳᠬᠢᠯ ᠤᠨ ᠢᠨᠵᠧᠨᠧᠷᠢᠩ︾ ︽ᠰᠠᠨᠠᠭ᠎ᠠ ᠠᠮᠤᠷ ᠢᠨᠵᠧᠨᠧᠷᠢᠩ︾ ᠪᠣᠯᠭᠠᠨ ᠪᠥᠲᠥᠭᠡᠨ ᠪᠠᠶᠢᠭᠤᠯᠤᠨ᠎ᠠ᠃    ᠥᠭᠡᠷᠡᠴᠢᠯᠡᠨ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠬᠤᠯᠪᠣᠭᠳᠠᠯ ᠪᠦᠬᠦᠢ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠷᠴᠢᠨ ᠨᠦᠭᠦᠴᠡᠯ ᠢ ᠦᠨᠳᠦᠰᠦᠨ ᠠᠴᠠ ᠨᠢ ᠰᠠᠶᠢᠵᠢᠷᠠᠭᠤᠯᠵᠤ᠂ ᠬᠤᠳᠠ ᠶᠢᠨ ᠲᠦᠷᠢ ᠲᠥᠷᠬᠦ ᠶᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠵᠦ᠂ ᠤᠯᠠᠨ ᠲᠦᠮᠡᠨ ᠤ ᠠᠮᠢᠳᠤᠷᠠᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号