ᠠᠤᠬᠠᠨ ᠬᠤᠰᠢᠭᠤ 2023 ᠣᠨ ᠤ ᠠᠶᠤᠯᠭᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠠᠵᠢᠯ ᠤᠨ ᠬᠢᠨᠠᠨ ᠰᠢᠯᠭᠠᠯᠲᠠ ᠶᠢᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/11
C:\Users\Administrator\Desktop\10_副本.jpg 
    1 ᠰᠠᠷ᠎ᠠ ᠶᠢᠨ 9 ᠤ ᠡᠳᠦᠷ᠂ 2023 ᠣᠨ ᠤ ᠠᠶᠤᠯᠭᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠠᠵᠢᠯ ᠤᠨ ᠬᠢᠨᠠᠨ ᠰᠢᠯᠭᠠᠯᠲᠠ ᠶᠢᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠰᠢᠭᠤᠨ ᠤ ᠬᠤᠷᠠᠯ ᠤᠨ ᠲᠥᠪ ᠲᠤ ᠬᠤᠷᠠᠯᠳᠤᠪᠠ᠃ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠸᠠᠩ ᠴᠢᠶᠠᠩ ᠬᠤᠷᠠᠯ ᠳᠤ ᠣᠷᠣᠯᠴᠠᠵᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠶᠦᠩ ᠹᠦ᠋ ᠬᠤᠷᠠᠯ ᠢ ᠡᠷᠭᠢᠯᠡᠵᠦ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ ᠪᠠ ᠬᠤᠰᠢᠭᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ᠂ ᠵᠠᠩ ᠶᠦᠩ ᠹᠦ᠋ ᠮᠠᠨ ᠤ ᠬᠤᠰᠢᠭᠤᠨ ᠤ 2023 ᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠶᠡᠷᠦᠩᠬᠡᠶ ᠠᠵᠢᠯᠯᠠᠭᠠᠨ ᠤ ᠪᠠᠶᠢᠳᠠᠯ ᠪᠠ ᠭᠤᠤᠯ ᠠᠵᠢᠯ ᠢ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠪᠡ᠃ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠠᠵᠢᠯ ᠤᠨ ᠬᠢᠨᠠᠨ ᠰᠢᠯᠭᠠᠬᠤ ᠳᠤᠭᠤᠶᠢᠯᠠᠩ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠮᠠᠨ ᠤ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠤᠨ ᠬᠢᠨᠠᠨ ᠰᠢᠯᠭᠠᠯᠲᠠ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠬᠢᠨᠠᠨ ᠰᠢᠯᠭᠠᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠠᠶᠤᠯᠭᠦᠢ ᠦᠢᠯᠡᠳᠪᠦᠷᠢᠯᠡᠯ ᠤᠨ ᠲᠠᠯ᠎ᠠ ᠶᠢᠨ ᠠᠵᠢᠯ ᠢ ᠤᠯᠠᠮ ᠴᠢᠨᠠᠭᠰᠢᠳᠠ ᠨᠠᠷᠢᠯᠢᠭ ᠪᠣᠳᠠᠲᠠᠢ ᠬᠢᠵᠦ᠂ ᠨᠢᠭᠡ ᠲᠠᠯ᠎ᠠ ᠶᠢᠨ ᠬᠥᠭᠵᠢᠯᠲᠡ ᠶᠢ ᠠᠬᠢᠭᠤᠯᠬᠤ᠂ ᠨᠢᠭᠡ ᠲᠠᠯ᠎ᠠ ᠶᠢᠨ ᠠᠮᠤᠷ ᠲᠦᠪᠰᠢᠨ ᠢ ᠪᠠᠲᠤᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃    ᠵᠠᠩ ᠶᠦᠩ ᠹᠦ᠋ ᠢᠯᠡᠷᠬᠡᠶᠢᠯᠡᠬᠦ ᠳᠡᠭᠡᠨ᠂ ᠠᠤᠬᠠᠨ ᠬᠤᠰᠢᠭᠤ ᠲᠣᠰ ᠤᠳᠠᠭᠠᠨ ᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠵᠢᠯ ᠤᠨ ᠰᠡᠭᠦᠯᠴᠢ ᠣᠨ ᠤ ᠡᠬᠢᠨ ᠤ ᠠᠶᠤᠯᠭᠦᠶ ᠦᠢᠯᠡᠳᠪᠦᠷᠢᠯᠡᠯ ᠤᠨ ᠠᠵᠢᠯ ᠢ ᠴᠢᠩᠭᠠᠳᠬᠠᠵᠤ᠂ ᠡᠯ᠎ᠡ ᠲᠥᠷᠥᠯ ᠤᠨ ᠠᠳᠡᠯ ᠭᠠᠷᠬᠤ ᠶᠢ ᠴᠢᠩᠭ᠎ᠠ  ᠰᠡᠷᠭᠡᠶᠢᠯᠡᠬᠦ ᠬᠡᠷᠡᠭᠲᠡᠢ᠃ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠵᠦ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠳᠠᠯᠳᠠ ᠭᠡᠮ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠲᠦᠢᠯᠪᠤᠷᠢᠲᠠᠶ ᠤᠰᠠᠳᠬᠠᠬᠤ ᠬᠡᠷᠡᠭᠲᠡᠶ᠃ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠤᠯᠠᠭᠠᠨᠬᠠᠳᠠ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠦᠷᠢᠮ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠵᠢᠯᠣᠭᠤᠳᠬᠤ᠂ ᠰᠢᠯᠭᠠᠨ ᠬᠢᠨᠠᠵᠤ ᠪᠣᠯᠵᠣᠨ ᠶᠠᠷᠢᠯᠴᠠᠬᠤ᠂ ᠰᠡᠷᠡᠮᠵᠢᠯᠡᠭᠦᠯᠦᠨ ᠮᠡᠳᠡᠭᠡᠯᠡᠬᠦ᠂ ᠨᠡᠷᠡᠯᠡᠨ ᠵᠢᠭᠠᠵᠤ ᠱᠠᠯᠠᠪᠳᠠᠭᠤᠯᠤᠨ ᠭᠦᠢᠴᠡᠳᠬᠡᠬᠦ ᠵᠡᠷᠭᠡ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠬᠤ ᠬᠡᠷᠡᠭᠲᠡᠶ ᠭᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号