| ᠠᠤᠬᠠᠨ ᠬᠤᠰᠢᠭᠤᠨ ᠤ ᠬᠤᠲᠠ ᠲᠣᠭᠤᠷᠢᠭ ᠤᠨ ᠬᠥᠮᠦᠰ ᠤᠨ ᠣᠷᠣᠰᠢᠨ ᠰᠠᠭᠤᠬᠤ ᠣᠷᠴᠢᠨ ᠨᠦᠭᠦᠴᠡᠯ ᠢ | ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠷᠴᠢᠨ | ᠨᠦᠭᠦᠴᠡᠯ ᠢ ᠰᠠᠶᠢᠵᠢᠷᠠᠭᠤᠯᠤᠨ᠂ ᠬᠤᠲᠠ ᠶᠢᠨ ᠶᠠᠰᠤ ᠴᠢᠨᠠᠷ ᠳᠦᠷᠢ ᠲᠥᠷᠬᠦ ᠶᠢ ᠳᠡᠭᠡᠭᠰᠢᠯᠡᠭᠦᠯᠬᠦ ᠶᠢᠨ ᠲᠥᠯᠥᠭᠡ ᠂ | 2021 ᠣᠨ ᠠᠴᠠ ᠨᠠᠰᠢ᠂ ᠠᠤᠬᠠᠨ ᠬᠤᠰᠢᠭᠤ ᠨᠢᠭᠡᠨᠲᠡ 39 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ | 44 ᠰᠠᠤᠷᠢ 15.9 ᠲᠦᠮᠡᠨ ᠲᠡᠭᠰᠢ ᠳᠥᠷᠪᠡᠯᠵᠢᠨ ᠮᠧᠲᠷ ᠥᠭᠡᠷᠡᠴᠢᠯᠡᠨ ᠪᠠᠶᠢᠭᠤᠯᠬᠤ ᠠᠵᠢᠯ ᠤᠨ ᠡᠭᠦᠷᠭᠡ ᠶᠢ | ᠪᠡᠶᠡᠯᠡᠭᠦᠯᠪᠡ᠃ 2023 ᠣᠨ ᠳᠤ᠂ ᠠᠤᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠣᠬᠠᠨ ᠬᠤᠰᠢᠭᠤᠨ ᠤ ᠲᠠᠷᠢᠶᠠᠯᠠᠩ ᠤᠨ ᠪᠠᠩᠬᠢ ᠶᠢᠨ ᠣᠷᠣᠨ | ᠰᠠᠭᠤᠴᠠ ᠶᠢᠨ ᠠᠰᠠᠷ ᠵᠡᠷᠭᠡ 29 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ | ᠢᠨᠵᠧᠨᠧᠷᠢᠩ ᠢ ᠡᠬᠢᠯᠡᠭᠦᠯᠵᠦ᠂ 31 ᠠᠰᠠᠷ ᠤᠨ ᠬᠡᠷ ᠪᠠᠶᠢᠰᠢᠩ᠂ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 10.15 | ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ 1142 ᠡᠷᠦᠬᠡ ᠰᠠᠭᠤᠭᠠᠯᠢ ᠠᠷᠠᠳ ᠲᠤ ᠬᠤᠯᠪᠣᠭᠳᠠᠵᠤ᠂ | ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 3398 ᠲᠦᠮᠡᠨ ᠲᠥᠭᠦᠷᠢᠭ ᠪᠣᠯᠤᠨ᠎ᠠ᠃ ᠣᠳᠣᠬᠠᠨ ᠳᠤ᠂ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠂ ᠣᠲᠣ ᠨᠢᠭᠡᠨᠲᠡ | ᠪᠠᠷᠢᠯᠭ᠎ᠠ ᠪᠠᠷᠢᠬᠤ ᠵᠥᠪᠰᠢᠶᠡᠷᠡᠯ ᠢ ᠭᠦᠢᠴᠡᠳᠬᠡᠵᠦ ᠪᠠᠶᠢᠨ᠎ᠠ᠃ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ 2023 | ᠣᠨ ᠤ 12 ᠰᠠᠷ᠎ᠠ ᠳᠤ ᠡᠬᠢᠯᠡᠨ ᠪᠠᠶᠢᠭᠤᠯᠵᠤ᠂ ᠵᠢᠱᠢᠯᠲᠡ ᠪᠠᠷ 2024 ᠣᠨ ᠤ ᠡᠴᠦᠰ ᠠᠴᠠ ᠡᠮᠦᠨ᠎ᠡ | ᠳᠠᠭᠤᠰᠬᠠᠨ᠎ᠠ᠃ | ᠡᠮᠦᠨᠡᠬᠢ ᠬᠤᠭᠤᠴᠠᠭᠠᠨ ᠳᠤ᠂ ᠠᠣᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠢᠭᠡᠨᠲᠡ ᠬᠠᠮᠢᠶ᠎ᠠ ᠪᠥᠬᠦᠶ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠲᠠᠢ ᠬᠠᠮᠲᠤᠷᠠᠨ ︽ᠨᠡᠶᠢᠭᠡᠮ ᠲᠣᠭᠤᠷᠢᠭ ᠲᠤ ᠣᠷᠣᠬᠤ᠂ ᠰᠠᠭᠤᠭᠠᠯᠢ ᠲᠣᠭᠤᠷᠢᠭ ᠢᠶᠠᠷ ᠶᠠᠪᠤᠵᠤ᠂ ᠰᠠᠭᠤᠭᠠᠯᠢ | ᠡᠷᠦᠬᠡ ᠶᠢ ᠰᠤᠷᠪᠤᠯᠵᠢᠯᠠᠬᠤ︾ ᠠᠷᠭ᠎ᠠ ᠮᠠᠶ᠋ᠢᠭ ᠢ ᠠᠪᠴᠤ᠂ ᠡᠯ᠎ᠡ ᠬᠠᠭᠤᠴᠢᠨ ᠰᠠᠭᠤᠭᠠᠯᠢ ᠲᠣᠭᠤᠷᠢᠭ ᠤᠨ | ᠰᠠᠭᠤᠭᠠᠯᠢ ᠠᠷᠠᠳ ᠤᠨ ᠥᠭᠡᠷᠡᠴᠢᠯᠡᠬᠦ ᠬᠦᠰᠡᠯ ᠡᠷᠡᠮᠡᠯᠵᠡᠯ᠂ ᠲᠥᠬᠦᠭᠡᠷᠦᠮᠵᠢ ᠶᠢᠨ ᠳᠤᠲᠠᠭᠤᠳᠠᠯ ᠵᠡᠷᠭᠡ ᠪᠥᠬᠦ | ᠲᠠᠯ᠎ᠠ ᠪᠠᠷ ᠪᠠᠶᠢᠳᠠᠯ ᠢ ᠣᠶᠢᠯᠠᠭᠠᠵᠤ᠂ ᠨᠠᠷᠢᠨ ᠪᠣᠳᠠᠲᠠᠶ ᠬᠠᠭᠤᠴᠢᠨ ᠰᠠᠭᠤᠭᠠᠯᠢ ᠲᠣᠭᠤᠷᠢᠭ ᠤᠨ ᠡᠬᠡ ᠲᠠᠩᠰᠠ ᠶᠢ | ᠪᠠᠶᠢᠭᠤᠯᠪᠠ᠃ | ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠬᠦ ᠶᠠᠪᠤᠴᠠ ᠳᠤ | ᠪᠠ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠦᠶ᠎ᠡ ᠳᠤ᠂ ᠠᠣᠬᠠᠨ ᠬᠤᠰᠢᠭᠤᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠰᠠᠭᠤᠭᠠᠯᠢ ᠲᠣᠭᠤᠷᠢᠭ ᠤᠨ ᠰᠠᠭᠤᠭᠠᠯᠢ | ᠠᠷᠠᠳ ᠢ ᠬᠢᠨᠠᠯᠲᠠ ᠬᠠᠮᠢᠶᠠᠷᠤᠯᠲᠠ ᠳᠤ ᠣᠷᠣᠯᠴᠠᠬᠤ ᠶᠢ ᠰᠠᠨᠠᠭᠠᠴᠢᠯᠠᠭ᠎ᠠ ᠠᠴᠠ ᠪᠠᠨ ᠱᠠᠭᠠᠷᠳᠠᠵᠤ᠂ ᠰᠠᠭᠤᠭᠠᠯᠢ | ᠲᠣᠭᠤᠷᠢᠭ ᠤᠨ ᠥᠮᠴᠢᠲᠡᠨ ᠤ ᠲᠥᠯᠥᠭᠡᠯᠡᠭᠴᠢ ︽ᠪᠠᠷᠢᠯᠭ᠎ᠠ ᠶᠢᠨ ᠮᠠᠲ᠋ᠧᠷᠢᠶᠠᠯ ᠨᠢ ᠬᠢᠷᠢ ᠲᠡᠩᠴᠡᠭᠰᠡᠨ ᠡᠰᠡᠬᠦ᠂ | ᠪᠠᠷᠢᠯᠭ᠎ᠠ ᠶᠢᠨ ᠠᠵᠢᠯ ᠤᠨ ᠲᠠᠰ ᠳᠠᠷᠠᠭᠠᠯᠠᠯ ᠨᠢ ᠲᠣᠭᠲᠠᠭᠠᠯ ᠳᠤ ᠨᠡᠶᠢᠴᠡᠬᠦ ᠡᠰᠡᠬᠦ᠂ ᠬᠡᠷᠡᠭᠵᠢᠭᠦᠯᠬᠦ ᠠᠭᠤᠯᠭ᠎ᠠ ᠨᠢ | ᠪᠥᠬᠦ ᠲᠠᠯ᠎ᠠ ᠶᠢᠨ ᠪᠠᠶᠢᠬᠤ ᠡᠰᠡᠬᠦ︾ ᠭᠤᠷᠪᠠᠨ ᠭᠤᠤᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠴᠤ᠂ | ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠦᠨᠡᠨ ᠬᠦ ᠣᠯᠠᠨ ᠲᠦᠮᠡᠨ ᠤ | ︽ᠠᠷᠠᠳ ᠤᠨ ᠰᠡᠳᠬᠢᠯ ᠤᠨ ᠢᠨᠵᠧᠨᠧᠷᠢᠩ︾ ︽ᠰᠠᠨᠠᠭ᠎ᠠ ᠠᠮᠤᠷ ᠢᠨᠵᠧᠨᠧᠷᠢᠩ︾ ᠪᠣᠯᠭᠠᠨ ᠪᠥᠲᠥᠭᠡᠨ | ᠪᠠᠶᠢᠭᠤᠯᠤᠨ᠎ᠠ᠃ | ᠥᠭᠡᠷᠡᠴᠢᠯᠡᠨ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠬᠤᠯᠪᠣᠭᠳᠠᠯ ᠪᠦᠬᠦᠢ ᠬᠠᠭᠤᠴᠢᠨ ᠰᠠᠭᠤᠭᠠᠯᠢ | ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠷᠴᠢᠨ ᠨᠦᠭᠦᠴᠡᠯ ᠢ | ᠦᠨᠳᠦᠰᠦᠨ ᠠᠴᠠ ᠨᠢ ᠰᠠᠶᠢᠵᠢᠷᠠᠭᠤᠯᠵᠤ᠂ ᠬᠤᠳᠠ ᠶᠢᠨ ᠲᠦᠷᠢ ᠲᠥᠷᠬᠦ ᠶᠢ ᠪᠦᠬᠦᠯᠢ ᠴᠣᠭᠴᠠ ᠪᠠᠷ ᠨᠢ | ᠳᠡᠭᠡᠭᠰᠢᠯᠡᠭᠦᠯᠵᠦ᠂ ᠤᠯᠠᠨ ᠲᠦᠮᠡᠨ ᠤ ᠠᠮᠢᠳᠤᠷᠠᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠣᠯ | ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠪᠣᠯᠤᠨ᠎ᠠ᠃ | | |