ᠰᠧ ᠳ᠋ᠤᠤ ᠸᠠᠨ ᠽᠢ ᠪᠠᠯᠭᠠᠰᠤ ᠥᠨᠳᠥᠷ ᠪᠦᠲᠦᠮᠵᠢᠲᠡᠢ ᠲᠠᠷᠢᠶᠠᠯᠠᠩ ᠮᠠᠯ ᠠᠵᠤ ᠠᠬᠤᠢ ᠶᠢ ᠬᠦᠴᠦᠯᠡᠨ ᠴᠤᠭᠴᠠᠯᠠᠪᠠ
ᠨᠡᠶᠢᠲᠡᠯᠡᠭᠰᠡᠨ ᠴᠠᠭ᠄
2024/1/12
   ᠤᠢᠢᠷ᠎ᠠ ᠶᠢᠨ ᠵᠢᠯ ᠠᠴᠠ᠂ ᠰᠧ ᠳ᠋ᠤᠤ ᠸᠠᠨ ᠽᠢ ᠪᠠᠯᠭᠠᠰᠤ ᠶᠢᠨ ᠬᠢᠨ ᠭᠤᠣᠯᠳᠠᠯᠭ᠎ᠠ ᠶᠢ ᠠᠳᠬᠤᠬᠤ᠂ ᠳᠤᠲᠠᠭᠤᠳᠠᠯ ᠢ ᠨᠥᠬᠦᠪᠥᠷᠢᠯᠡᠬᠦ᠂ ᠪᠠᠭᠤᠷᠠᠢ ᠲᠠᠯ᠎ᠠ ᠶᠢ ᠬᠦᠴᠦᠷᠬᠡᠭᠵᠢᠭᠦᠯᠬᠦ ᠶᠡᠷᠦᠩᠬᠡᠢ ᠰᠡᠳᠬᠢᠴᠡ ᠶᠣᠰᠣᠭᠠᠷ᠂ ᠰᠠᠭᠤᠷᠢ ᠲᠠᠷᠢᠶᠠᠯᠠᠩ ᠢ ᠪᠠᠬᠢᠵᠢᠭᠦᠯᠵᠦ᠂ ᠰᠢᠯᠢᠳᠡᠭ ᠲᠠᠷᠢᠶᠠᠯᠠᠩ ᠢ ᠬᠥᠭᠵᠢᠭᠦᠯᠵᠦ᠂ ᠤᠯᠠᠮᠵᠢᠯᠠᠯᠲᠤ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠢᠳᠡᠪᠬᠢᠲᠡᠢ ᠠᠬᠢᠭᠤᠯᠪᠠ᠃    ᠨᠢᠭᠡ ᠳᠤ ᠂ ᠰᠢᠯᠢᠳᠡᠭ ᠲᠠᠷᠢᠶᠠᠯᠠᠩ ᠢ ᠬᠦᠴᠦᠯᠡᠨ ᠬᠦᠭᠵᠢᠭᠦᠯᠦᠨ᠎ᠡ᠃ ᠪᠠᠯᠲᠤ ᠬᠡᠮᠬᠡ ᠶᠢᠨ ᠠᠵᠤ ᠦᠢᠯᠡᠰ ᠤᠨ ᠬᠡᠯᠬᠢᠶ᠎ᠡ ᠶᠢᠨ ᠬᠡᠪᠴᠢᠶ᠎ᠡ ᠶᠢ ᠥᠷᠭᠡᠳᠬᠡᠬᠦ ᠶᠢ ᠯᠠᠪᠳᠠᠭᠤᠨ ᠢᠶᠠᠷ ᠠᠬᠢᠭᠤᠯᠵᠤ᠂ ᠪᠠᠯᠲᠤ ᠬᠡᠮᠬᠡ ᠶᠢᠨ ᠠᠵᠤ ᠦᠢᠯᠡᠰ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠬᠤᠶᠠᠷ ᠲᠤ ᠂ ᠣᠳᠣ ᠦᠶ᠎ᠡ ᠶᠢᠨ ᠲᠠᠷᠢᠶᠠᠯᠠᠩ ᠢ ᠪᠦᠬᠦ ᠬᠦᠴᠦᠨ ᠢᠶᠠᠷ ᠢᠶᠠᠨ ᠬᠦᠭᠵᠢᠭᠦᠯᠦᠨ᠎ᠡ᠃ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠶᠡᠬᠡᠪᠡᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠠᠳᠬᠤᠵᠤ ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠮᠡᠷᠭᠡᠵᠢᠯ ᠪᠣᠯᠤᠨ ᠴᠢᠮᠡᠭᠡ ᠬᠤᠯᠪᠣᠭᠠᠨ ᠤ ᠲᠠᠪᠴᠠᠩ ᠳᠤ ᠲᠦᠰᠢᠭᠯᠡᠨ᠂ ︽ᠢᠨᠲ᠋ᠧᠷ ᠰᠦᠯᠵᠢᠶ᠎ᠡ︾ + ᠣᠳᠣ ᠦᠶ᠎ᠡ ᠶᠢᠨ ᠲᠠᠷᠢᠶᠠᠯᠠᠩ ᠢ ᠢᠳᠡᠪᠬᠢᠲᠡᠶ ᠰᠦᠪᠡᠭᠴᠢᠯᠡᠨ᠎ᠡ᠃ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠲᠣᠮᠣ ᠲᠤᠭ᠎ᠠ ᠪᠠᠷᠢᠮᠲᠠ ᠶᠢ ᠵᠠᠳᠠᠯᠬᠤ ᠲᠣᠭᠲᠠᠴᠠ ᠶᠢ ᠲᠤᠷᠰᠢᠨ ᠪᠠᠶᠢᠭᠤᠯᠵᠤ᠂ ᠵᠠᠬ᠎ᠠ ᠳᠡᠯᠭᠡᠭᠦᠷ ᠤᠨ ᠠᠵᠤ ᠠᠬᠤᠶ ᠶᠢᠨ ᠵᠢᠮ᠎ᠡ ᠶᠣᠰᠣ ᠶᠢ ᠡᠵᠡᠮᠰᠢᠵᠦ᠂ ᠵᠠᠬ᠎ᠠ ᠳᠡᠯᠭᠡᠭᠦᠷ ᠤᠨ ᠱᠠᠭᠠᠷᠳᠠᠯᠭ᠎ᠠ ᠪᠠᠷ ᠦᠷ᠎ᠡ ᠤᠷᠭᠤᠮᠠᠯ ᠢ ᠲᠣᠬᠢᠷᠠᠭᠤᠯᠬᠤ᠂ ᠬᠡᠷᠡᠭᠴᠡᠭᠡ ᠠᠴᠠ ᠨᠢ ᠲᠣᠬᠢᠷᠠᠭᠤᠯᠤᠨ ᠬᠠᠩᠭᠠᠬᠤ᠂ ᠴᠠᠭ ᠲᠤᠨᠢ ᠲᠣᠬᠢᠷᠠᠭᠤᠯᠤᠨ ᠬᠥᠮᠥᠷᠭᠡ ᠠᠴᠠ ᠭᠠᠷᠭᠠᠬᠤ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠬᠦ᠂ ᠬᠠᠩᠭᠠᠬᠤ᠂ ᠪᠣᠷᠣᠯᠠᠭᠤᠯᠬᠤ ᠰᠢᠰᠲ᠋ᠧᠮᠵᠢ ᠶᠢ ᠠᠯᠬᠤᠮ ᠠᠯᠬᠤᠮ ᠢᠶᠠᠷ ᠪᠣᠶ ᠪᠣᠯᠭᠠᠵᠤ᠂ ᠤᠯᠠᠮᠵᠢᠯᠠᠯᠲᠤ ᠲᠠᠷᠢᠶᠠᠯᠠᠩ ᠤᠨ ᠮᠡᠳᠡᠭᠡ ᠵᠠᠩᠭᠢ ᠪᠥᠭᠯᠡᠷᠡᠬᠦ᠂ ᠭᠦᠢᠯᠭᠡᠭᠡᠨ ᠬᠢᠬᠦ᠂ ᠲᠠᠷᠢᠶᠠᠴᠢᠳ ᠲᠠᠷᠠᠬᠠᠶ ᠪᠤᠲᠠᠷᠬᠠᠶ ᠡᠵᠡᠩᠨᠡᠬᠦ᠂ ᠦᠢᠯᠡᠴᠢᠯᠡᠭᠡᠨ ᠤ ᠰᠢᠰᠲ᠋ᠧᠮᠵᠢ ᠬᠤᠴᠣᠷᠤᠩᠭᠤᠶ ᠪᠠᠶᠢᠬᠤ ᠵᠡᠷᠭᠡ ᠠᠰᠠᠭᠤᠳᠠᠯ ᠠᠴᠠ  ᠠᠩᠭᠢᠵᠢᠷᠠᠨ᠎ᠠ᠃ ᠭᠤᠷᠪᠠ ᠳᠤ᠂ ᠪᠣᠬᠢᠷᠲᠤᠯ ᠥᠬᠡᠶ ᠠᠵᠤ ᠦᠢᠯᠡᠰ ᠤᠨ ᠬᠥᠭᠵᠢᠯᠲᠡ ᠶᠢᠨ ᠥᠨᠳᠥᠷᠴᠡ ᠶᠢ ᠳᠡᠭᠡᠭᠰᠢᠯᠡᠭᠦᠯᠦᠨ᠎ᠡ᠃ ᠲᠥᠬᠦᠭᠡᠷᠦᠮᠵᠢᠲᠦ ᠲᠠᠷᠢᠶᠠᠯᠠᠩ᠂ ᠬᠢᠲᠠᠳ ᠡᠪᠡᠰᠦᠨ ᠡᠮ ᠳᠠᠷᠢᠬᠤ᠂ ᠣᠷᠭᠠᠨᠢᠭ ᠲᠠᠷᠢᠮᠠᠯ ᠳᠠᠷᠢᠬᠤ ᠵᠡᠷᠭᠡ ᠠᠵᠤ ᠦᠢᠯᠡᠰ ᠤᠨ ᠲᠡᠷᠢᠭᠦᠨ ᠤ ᠪᠠᠶᠢᠷᠢ ᠰᠠᠭᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠥᠬᠦᠭᠡᠷᠦᠮᠵᠢᠲᠦ ᠲᠠᠷᠢᠶᠠᠯᠠᠩ ᠤᠨ ᠪᠠᠷᠢᠮᠵᠢᠶᠠᠵᠢᠭᠰᠠᠨ ᠲᠠᠷᠢᠮᠠᠯ ᠢ ᠢᠳᠡᠪᠬᠢᠲᠡᠶ ᠳᠡᠯᠭᠡᠷᠡᠭᠦᠯᠵᠦ᠂ ᠪᠥᠬᠦ ᠠᠵᠤ ᠦᠢᠯᠡᠰ ᠤᠨ ᠬᠡᠯᠬᠢᠶ᠎ᠡ ᠶᠢᠨ ᠡᠬᠢ ᠡᠭᠦᠰᠦᠯ ᠤᠨ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠥᠨᠳᠥᠷ ᠥᠷᠲᠡᠭ ᠲᠠᠢ ᠣᠷᠭᠠᠨᠢᠭ ᠡᠯᠳᠡᠪ ᠠᠮᠤ ᠡᠯᠳᠡᠪ ᠪᠤᠷᠴᠠᠭ ᠤᠨ ᠨᠠᠷᠠᠲᠤ ᠲᠡᠮᠳᠡᠭᠲᠦ ᠶᠢ ᠪᠤᠶᠢᠵᠢᠭᠤᠯᠵᠤ᠂ ᠪᠣᠬᠢᠷᠲᠤᠯ ᠥᠬᠡᠶ ᠲᠠᠷᠢᠶᠠᠯᠠᠩ ᠤᠨ ᠤᠨᠴᠠᠯᠢᠬᠳᠤ ᠲᠠᠷᠢᠮᠠᠯ ᠤᠨ ᠵᠢᠵᠢᠭ ᠪᠠᠯᠭᠠᠰᠤ ᠶᠢ ᠥᠨᠳᠥᠷ ᠪᠠᠷᠢᠮᠵᠢᠶ᠎ᠠ ᠪᠠᠷ ᠪᠣᠶ ᠪᠣᠯᠭᠠᠵᠤ᠂ ᠰᠧ ᠳ᠋ᠤᠤ ᠸᠠᠨ ᠽᠢ ᠪᠠᠯᠭᠠᠰᠤᠨ ᠤ ᠤᠨᠴᠠᠯᠢᠬᠳᠤ ᠲᠠᠷᠢᠮᠠᠯ ᠤᠨ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠳᠥᠷᠪᠡ ᠳᠤ  ᠂ ᠴᠢᠨᠠᠷ ᠰᠠᠶᠢᠲᠠᠶ ᠮᠠᠯ ᠠᠵᠤ ᠠᠬᠤᠶ ᠶᠢ ᠶᠡᠬᠡᠪᠡᠷ  ᠬᠦᠭᠵᠢᠭᠦᠯᠦᠨ᠎ᠡ᠃ ᠠᠢ ᠨᠦᠩ ᠵᠢᠶᠠ᠂ ᠸᠧᠨ ᠱᠢ ᠪᠦᠯᠦᠭᠯᠡᠯ᠂ ᠪᠡᠭᠡᠵᠢᠩ ᠤᠨ ᠵᠢᠶᠠ ᠯᠦᠩ ᠵᠡᠷᠭᠡ ᠲᠣᠯᠣᠭᠠᠶᠢᠯᠠᠭᠴᠢ ᠠᠵᠤ ᠠᠬᠤᠶᠢᠯᠠᠯ ᠳᠤ ᠲᠦᠰᠢᠭᠯᠡᠨ᠂ ᠦ᠋ ᠵᠢᠶᠠ ᠶᠢᠩᠽᠢ ᠲᠣᠰᠬᠤᠨ ᠤ  ᠢᠳᠡᠰᠢᠨ ᠦᠬᠡᠷ ᠲᠡᠵᠢᠭᠡᠨ ᠦᠷᠡᠵᠢᠭᠦᠯᠬᠦ ᠭᠤᠣᠯ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠪᠥᠬᠦ ᠪᠠᠯᠭᠠᠰᠤᠨ ᠤ ᠪᠣᠳᠠ ᠪᠣᠭ ᠮᠠᠯ ᠲᠡᠵᠢᠭᠡᠨ ᠦᠷᠡᠵᠢᠭᠦᠯᠬᠦ ᠲᠦᠷᠭᠡᠨ ᠬᠥᠭᠵᠢᠯᠲᠡ ᠶᠢ ᠪᠦᠲᠦᠮᠵᠢᠲᠡᠶ ᠳᠠᠶᠢᠴᠢᠯᠠᠵᠤ᠂ ᠡᠭᠦᠯᠳᠡᠷ ᠰᠠᠶᠢᠵᠢᠷᠠᠭᠤᠯᠬᠤ ᠪᠠ ᠬᠢᠵᠢᠭ ᠢ ᠰᠡᠷᠭᠡᠶᠢᠯᠡᠬᠦ ᠠᠵᠢᠯ ᠢ ᠦᠷᠭᠦᠯᠵᠢᠯᠡᠨ ᠠᠬᠢᠭᠤᠯᠤᠨ᠎ᠠ᠃ ᠢᠳᠡᠰᠢᠨ ᠦᠬᠡᠷ᠂ ᠢᠳᠡᠰᠢᠨ ᠡᠯᠵᠢᠭᠡ ᠪᠠ ᠭᠠᠭ᠋ᠠᠶ ᠲᠡᠵᠢᠭᠡᠨ ᠦᠷᠡᠵᠢᠭᠦᠯᠬᠦ ᠠᠵᠤ ᠦᠢᠯᠡᠰ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠠᠵᠤ ᠦᠢᠯᠡᠰ ᠤᠨ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号