ᠰᠢᠨ ᠵᠧᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠤᠨ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠬᠦ ᠡᠭᠦᠷᠭᠡ ᠶᠢ ᠳᠠᠪᠠᠭᠤᠯᠤᠨ ᠪᠡᠶᠡᠯᠡᠭᠦᠯᠪᠡ
ᠨᠡᠶᠢᠲᠡᠯᠡᠭᠰᠡᠨ ᠴᠠᠭ᠄
2024/1/12
    2023 ᠣᠨ ᠤ ᠡᠴᠦᠰ ᠪᠣᠯᠲᠠᠯ᠎ᠠ᠂ ᠰᠢᠨ ᠵᠧᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ 694 ᠬᠦᠮᠦᠨ ᠤ ᠨᠡᠶᠢᠭᠡᠮ ᠤᠨ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠨ᠂ ᠪᠡᠶᠡᠯᠡᠭᠦᠯᠦᠭᠰᠡᠨ ᠨᠣᠷᠮ᠎ᠠ ᠨᠢ 100.43% ᠳᠤ ᠬᠦᠷᠴᠦ᠂ ᠬᠤᠰᠢᠭᠤᠨ ᠤ ᠪᠠᠭᠤᠯᠭᠠᠭᠰᠠᠨ ᠨᠡᠶᠢᠭᠡᠮ ᠤᠨ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠬᠦ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃    ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ ᠨᠢ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ ᠪᠠᠶᠢᠳᠠᠭ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠨᠡᠶᠢᠭᠡᠮ ᠤᠨ ᠲᠥᠪ ᠭᠤᠤᠯᠴᠢ ᠪᠠᠶᠢᠬᠤ ᠶᠢ ᠬᠠᠮᠠᠭᠠᠯᠠᠬᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠦᠨᠳᠦᠰᠦᠨ ᠲᠦᠷᠢᠮ ᠤᠨ ᠪᠠᠲᠤᠯᠠᠭ᠎ᠠ ᠮᠥᠨ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ᠂ ᠰᠢᠨ ᠵᠧᠦ ᠵᠡᠭᠡᠯᠢ ᠭᠤᠳᠤᠮᠵᠢ ᠶᠢᠨ  ᠬᠡᠷᠡᠭ ᠡᠷᠬᠢᠯᠡᠬᠦ ᠭᠠᠵᠠᠷ ᠠᠴᠠ  ᠺᠠᠲᠷ ᠤᠨ ᠵᠦᠳᠡᠷᠡᠯ ᠤᠨ ᠵᠢᠭᠠᠯᠲᠠ ᠲᠤᠭ᠎ᠠ ᠪᠠᠷ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠰᠣᠯᠢᠵᠤ᠂ ︽ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠵᠤ᠂ ᠰᠠᠶᠢᠨ ᠰᠠᠶᠢᠬᠠᠨ ᠢ ᠬᠠᠮᠲᠤ ᠪᠠᠷ ᠡᠳ᠋ᠯᠡᠬᠦ︾ ᠵᠠᠷᠴᠢᠮ ᠶᠣᠰᠣᠭᠠᠷ᠂ ᠨᠠᠷᠢᠨ ᠨᠢᠮᠪᠠᠶ ᠪᠠᠶᠢᠷᠢᠯᠠᠭᠤᠯᠵᠤ᠂ ᠨᠡᠶᠢᠭᠡᠮ ᠤᠨ ᠳᠠᠭᠠᠳᠬᠠᠯ ᠤᠨ ᠡᠮ ᠡᠮᠨᠡᠯᠭᠡ ᠶᠢᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠲᠤᠰᠬᠠᠶ ᠠᠬᠢᠭᠤᠯᠬᠤ ᠬᠤᠷᠠᠯ ᠢ 4 ᠤᠳᠠᠭ᠎ᠠ ᠬᠤᠷᠠᠯᠳᠤᠵᠤ᠂ ᠨᠡᠶᠢᠭᠡᠮ ᠲᠣᠭᠤᠷᠢᠭ ᠲᠣᠰᠬᠤᠨ ᠳᠤ 12 ᠤᠳᠠᠭ᠎ᠠ ᠮᠡᠳᠡᠭᠳᠡᠯ ᠪᠠᠭᠤᠯᠭᠠᠵᠤ᠂ ᠤᠳᠤᠷᠢᠳᠬᠤ ᠵᠣᠬᠢᠶᠠᠨ ᠪᠠᠶᠢᠭᠤᠯᠤᠯᠲᠠ ᠪᠠᠶᠢᠭᠤᠯᠬᠤ᠂ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠱᠠᠩᠨᠠᠵᠤ ᠲᠣᠷᠭᠠᠬᠤ ᠳᠦᠷᠢᠮ ᠢ ᠲᠣᠳᠣᠷᠬᠠᠶᠢᠯᠠᠬᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠬᠤ᠂ ᠨᠡᠶᠢᠭᠡᠮ ᠲᠣᠭᠤᠷᠢᠭ ᠲᠣᠰᠬᠤᠨ ᠤ ᠡᠭᠦᠷᠭᠡ ᠶᠢ ᠵᠠᠳᠠᠯᠬᠤ᠂ ᠬᠢᠨᠠᠨ ᠵᠢᠯᠣᠭᠤᠳᠴᠤ ᠪᠠᠶᠢᠴᠠᠭᠠᠬᠤ ᠶᠢ ᠴᠢᠩᠭᠠᠳᠬᠠᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠰᠠᠭᠤᠭᠠᠯᠢ ᠠᠷᠠᠳ ᠢ ᠬᠠᠪᠰᠤᠷᠤᠨ ᠠᠵᠤ ᠠᠬᠤᠶ ᠶᠢᠨ ᠲᠠᠩᠰᠠ᠂ ᠵᠣᠯ ᠵᠢᠷᠭᠠᠯ ᠤᠨ ᠲᠠᠩᠰᠠ᠂ ᠴᠠᠭ ᠤᠨ ᠲᠠᠩᠰᠠ᠂ ᠳᠥᠭᠦᠮ ᠳᠥᠲᠡ ᠲᠠᠩᠰᠠ ᠶᠢᠨ ︽ᠳᠥᠷᠪᠡᠨ ᠲᠠᠩᠰᠠ︾ ᠶᠢ ᠰᠠᠶᠢᠲᠤᠷ ᠪᠤᠳᠤᠵᠤ᠂ 2023 ᠣᠨ ᠤ ᠳᠣᠲᠣᠷ᠎ᠠ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠡᠭᠦᠷᠭᠡ ᠶᠢ  ᠪᠡᠶᠡᠯᠡᠭᠦᠯᠪᠡ᠃ ᠠᠷᠭ᠎ᠠ ᠬᠡᠮᠵᠢᠶ᠎ᠡ ᠨᠢ ᠬᠦᠴᠦᠲᠡᠶ᠂ ᠤᠳᠤᠷᠢᠳᠤᠯᠭ᠎ᠠ ᠨᠢ ᠪᠣᠳᠠᠲᠠᠶ᠂ ᠵᠡᠭᠡᠯᠢ ᠭᠤᠳᠤᠮᠵᠢ ᠶᠢᠨ  ᠬᠡᠷᠡᠭ ᠡᠷᠬᠢᠯᠡᠬᠦ ᠭᠠᠵᠠᠷ ᠤᠨ ᠪᠥᠬᠦ ᠺᠠᠳ᠋ᠷᠴᠤᠳ ᠤᠨ ᠴᠢᠩ ᠰᠡᠳᠬᠢᠯ ᠤᠨ ᠴᠢᠷᠮᠠᠶᠢᠯᠭ᠎ᠠ ᠪᠠ ᠰᠠᠭᠤᠭᠠᠯᠢ ᠠᠷᠠᠳ ᠤᠨ ᠢᠳᠡᠪᠬᠢᠲᠡᠶ ᠬᠠᠮᠵᠢᠯᠴᠠᠭ᠎ᠠ ᠪᠠᠷ ᠳᠡᠮᠵᠢᠨ᠂ 2023 ᠣᠨ ᠤ ᠡᠴᠦᠰ ᠪᠣᠯᠲᠠᠯ᠎ᠠ᠂ ᠵᠡᠭᠡᠯᠢ ᠭᠤᠳᠤᠮᠵᠢ ᠶᠢᠨ  ᠬᠡᠷᠡᠭ ᠡᠷᠬᠢᠯᠡᠬᠦ ᠭᠠᠵᠠᠷ ᠨᠡᠶᠢᠭᠡᠮ ᠤᠨ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠬᠦ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠨᠢᠭᠡ ᠬᠤᠪᠢ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠭᠰᠠᠨ ᠪᠠᠶᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号