ᠠᠣᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠭᠤᠤᠯᠳᠠᠯᠭ᠎ᠠ ᠲᠠᠢ ᠬᠦᠷᠢᠶᠡᠨ ᠤ ᠲᠣᠭᠤᠷᠢᠨ ᠳᠤ ᠠᠶᠤᠯᠭᠦᠶ ᠦᠢᠯᠡᠳᠪᠦᠷᠢᠯᠡᠯ ᠤᠨ ︽ᠨᠢᠭᠡ ᠬᠥᠯᠭᠡ ᠰᠢᠲᠠᠷ᠎ᠠ︾ ᠶᠢ ᠠᠮᠢᠳᠤᠯᠢᠭ ᠪᠣᠯᠭᠠᠪᠠ
ᠨᠡᠶᠢᠲᠡᠯᠡᠭᠰᠡᠨ ᠴᠠᠭ᠄
2024/1/12
          2023 ᠣᠨ ᠳᠤ ᠠᠣᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠪᠠᠷᠢᠯᠭ᠎ᠠ ᠶᠢᠨ ᠠᠵᠢᠯ᠂ ᠬᠤᠲᠠ ᠪᠠᠯᠭᠠᠰᠤᠨ ᠤ ᠰᠢᠲᠠᠮᠠᠬᠠᠶ ᠬᠡᠶ᠂ ᠥᠪᠡᠰᠦᠪᠡᠨ ᠪᠠᠷᠢᠭᠰᠠᠨ ᠬᠡᠷ ᠪᠠᠶᠢᠰᠢᠩ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠵᠡᠷᠭᠡ ᠭᠤᠤᠯᠳᠠᠯᠭ᠎ᠠ ᠲᠠᠢ ᠬᠦᠷᠢᠶᠡᠨ ᠤ ᠲᠣᠭᠤᠷᠢᠨ ᠳᠤ ᠢᠳᠡᠪᠬᠢᠲᠡᠶ ᠪᠠᠷ ᠠᠵᠢᠯᠯᠠᠵᠤ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠵᠢᠯ ᠲᠥᠷᠥᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠡᠷᠡᠰ ᠰᠠᠶᠢᠲᠤᠷ ᠠᠳᠬᠤᠨ᠎ᠠ᠃    ᠨᠢᠭᠡ ᠳᠤ᠂ ᠵᠢᠯ ᠤᠨ ᠡᠬᠢᠨ ᠳᠤ ᠠᠵᠢᠯ ᠲᠥᠷᠥᠯ ᠤᠨ ᠠᠵᠤ ᠠᠬᠤᠶᠢᠯᠠᠯ ᠲᠠᠢ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠪᠥᠬᠦ ᠬᠤᠰᠢᠭᠤᠨ ᠤ ᠪᠠᠶᠢᠭᠤᠯᠵᠤ ᠪᠠᠶᠢᠭ᠎ᠠ ᠲᠥᠷᠥᠯ ᠵᠦᠢᠯ ᠳᠤ ᠲᠤᠰᠬᠠᠶ ᠵᠦᠢᠯ ᠵᠢᠴᠢ ᠶᠡᠷᠦᠩᠬᠡᠶᠢᠯᠡᠭᠰᠡᠨ ᠪᠠᠶᠢᠴᠠᠭᠠᠯᠲᠠ 86 ᠤᠳᠠᠭ᠎ᠠ ᠰᠤᠭᠤᠴᠢᠨ ᠪᠠᠶᠢᠴᠠᠭᠠᠯᠲᠠ ᠬᠢᠵᠦ᠂ 63 ᠬᠤᠪᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠬᠠᠭᠤᠳᠠᠰᠤ ᠶᠢ ᠪᠠᠭᠤᠯᠭᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠪᠦᠬᠦᠨ ᠢ ᠮᠥᠷᠳᠡᠨ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ ᠲᠤᠰᠬᠠᠶ ᠮᠡᠷᠭᠡᠵᠢᠯ ᠤᠨ ᠠᠵᠢᠯᠲᠠᠨ ᠤᠷᠢᠵᠤ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠰᠤᠪᠤᠷᠭ᠎ᠠ ᠶᠢᠨ ᠮᠠᠰᠢᠨ  ᠳᠤ 3 ᠪᠦᠯᠦᠭ ᠤᠳᠠᠭ᠎ᠠ  64  ᠰᠠᠤᠷᠢ ᠮᠠᠰᠢᠨ ᠢ ᠪᠠᠶᠢᠴᠠᠭᠠᠵᠤ ᠂  ᠠᠮᠤᠷ ᠲᠦᠪᠰᠢᠨ ᠤ ᠳᠠᠯᠳᠠ ᠭᠡᠮ ᠢ 32 ᠬᠤᠪᠢ ᠢᠯᠡᠷᠡᠭᠦᠯᠵᠦ᠂ ᠴᠡᠭᠴᠡᠯᠡᠨ ᠰᠠᠶᠢᠵᠢᠷᠠᠭᠤᠯᠤᠯᠲᠠ ᠪᠠᠷ ᠳᠠᠮᠵᠢᠭᠠᠳ ᠴᠥᠮ ᠠᠮᠤᠷ ᠲᠦᠪᠰᠢᠨ ᠤ ᠵᠢᠷᠤᠮᠵᠢᠯ ᠤᠨ ᠪᠠᠷᠢᠮᠵᠢᠶ᠎ᠠ ᠳᠤ ᠬᠦᠷᠴᠡᠶ᠃ ᠪᠠᠷᠢᠯᠭ᠎ᠠ ᠶᠢᠨ ᠭᠠᠵᠠᠷ ᠢ ᠵᠣᠬᠢᠶᠠᠨ ᠪᠠᠶᠢᠭᠤᠯᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ 8 ᠤᠳᠠᠭ᠎ᠠ ᠥᠷᠨᠢᠭᠦᠯᠵᠦ᠂ ᠡᠯ᠎ᠡ ᠵᠦᠢᠯ ᠤᠨ ᠭᠠᠷᠴᠤ ᠮᠡᠳᠡᠬᠦ ᠠᠶᠤᠯᠭᠦᠶ ᠶᠢᠨ ᠡ᠊ᠨᠳᠡᠯ ᠳᠤ ᠰᠣᠷᠢᠯᠲᠠ ᠬᠢᠪᠡ᠃    ᠬᠤᠶᠠᠷ ᠲᠤ᠂ ᠬᠠᠮᠢᠶ᠎ᠠ ᠪᠥᠬᠦᠶ ᠨᠡᠶᠢᠲᠡ ᠶᠢᠨ ᠬᠡᠷᠡᠭᠯᠡᠭᠡᠨ ᠤ ᠬᠤᠭᠤᠯᠠᠶ ᠶᠢᠨ ᠱᠤᠭᠤᠮ ᠤᠨ ᠬᠠᠷᠢᠶᠠᠯᠠᠯᠲᠠ ᠵᠢᠴᠢ ᠠᠷᠠᠴᠢᠯᠠᠨ ᠬᠠᠮᠠᠭᠠᠯᠠᠬᠤ ᠨᠢᠭᠡᠴᠢ ᠶᠢ ᠲᠦᠷᠦᠭᠦᠯᠡᠨ ᠵᠣᠬᠢᠶᠠᠨ ᠪᠠᠶᠢᠭᠤᠯᠵᠤ ᠭᠠᠵᠠᠷ ᠳᠣᠤᠷᠠᠬᠢ ᠨᠡᠶᠢᠲᠡ ᠶᠢᠨ ᠬᠡᠷᠡᠭᠯᠡᠭᠡᠨ ᠤ ᠬᠤᠭᠤᠯᠠᠶ ᠶᠢᠨ ᠱᠤᠭᠤᠮ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠶ ᠠᠩᠭᠢ ᠪᠠᠶᠢᠭᠤᠯᠵᠤ᠂ ᠰᠢᠨ  ᠾᠦᠢ ᠬᠤᠲᠠ ᠲᠣᠭᠤᠷᠢᠭ ᠤᠨ ᠪᠠᠶᠢᠭᠤᠯᠤᠭᠰᠠᠨ ᠲᠣᠭᠤᠷᠢᠭ ᠤᠨ ᠭᠠᠵᠠᠷ ᠳᠣᠤᠷᠠᠬᠢ ᠤᠰᠤ ᠬᠠᠩᠭᠠᠬᠤ᠂ ᠪᠣᠷᠣᠭᠠᠨ ᠤ ᠤᠰᠤ᠂ ᠪᠣᠬᠢᠷ ᠤᠰᠤ᠂ ᠬᠤᠭᠤᠯᠠᠶ ᠶᠢᠨ ᠰᠢᠲᠠᠮᠠᠬᠠᠶ ᠬᠡᠶ᠂ ᠲᠥᠪᠯᠡᠷᠡᠭᠦᠯᠦᠨ ᠢᠯᠴᠢ ᠬᠠᠩᠭᠠᠬᠤ ᠵᠡᠷᠭᠡ ᠬᠤᠲᠠ ᠶᠢᠨ ᠶᠠᠪᠤᠳᠠᠯ ᠤᠨ ᠬᠤᠭᠤᠯᠠᠶ ᠶᠢᠨ ᠱᠤᠭᠤᠮ ᠵᠢᠴᠢ ᠬᠠᠮᠢᠶ᠎ᠠ ᠪᠥᠬᠦᠶ ᠳᠠᠭᠠᠯᠲᠠ ᠲᠥᠬᠦᠭᠡᠷᠦᠮᠵᠢ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠨᠡᠶᠢᠲᠡ 21 ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠴᠥᠮ ᠡᠬᠡ ᠲᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠴᠡᠭᠴᠡᠯᠡᠨ ᠰᠠᠶᠢᠵᠢᠷᠠᠭᠤᠯᠬᠤ ᠠᠷᠭ᠎ᠠ ᠮᠠᠶ᠋ᠢᠭ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠭᠰᠠᠨ ᠪᠥᠭᠡᠳ ᠵᠦᠢᠯ ᠳᠠᠷᠠᠭᠠᠯᠠᠨ ᠴᠡᠭᠴᠡᠯᠡᠨ ᠰᠠᠶᠢᠵᠢᠷᠠᠭᠤᠯᠵᠤ᠂ ᠬᠡᠮ ᠰᠣᠭᠤᠭ ᠤᠨ ᠠᠰᠠᠭᠤᠳᠠᠯ ᠢ ᠨᠠᠶᠢᠳᠠᠪᠤᠷᠢᠵᠢᠭᠤᠯᠤᠨ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠪᠠ᠃    ᠭᠤᠷᠪᠠ ᠳᠤ᠂ ᠡᠯ᠎ᠡ ᠭᠠᠵᠠᠷ ᠤᠨ ᠠᠳᠡᠯ ᠤᠨ ᠰᠤᠷᠭᠠᠮᠵᠢ ᠶᠢ ᠡᠷᠭᠢᠴᠡᠭᠦᠯᠦᠨ ᠪᠣᠳᠣᠯᠬᠢᠯᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠦᠨᠳᠦ ᠶᠡᠭᠡ ᠠᠳᠡᠯ ᠤᠨ ᠳᠠᠯᠳᠠ ᠭᠡᠮ ᠳᠤ ᠭᠤᠤᠯᠳᠠᠯᠭ᠎ᠠ ᠲᠠᠢ ᠬᠢᠨᠠᠯᠲᠠ ᠲᠠᠯᠪᠢᠵᠤ ᠪᠠᠶᠢᠴᠠᠭᠠᠯᠲᠠ ᠬᠢᠪᠡ᠃ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠠᠵᠤ ᠠᠬᠤᠶᠢᠯᠠᠯ ᠢ ᠨᠡᠶᠢᠲᠡ 15 ᠤᠳᠠᠭ᠎ᠠ ᠪᠠᠶᠢᠴᠠᠭᠠᠵᠤ᠂ ᠯᠣᠩᠬᠤ ᠰᠣᠯᠢᠬᠤ ᠥᠷᠲᠡᠭᠡ ᠴᠡᠭ ᠢ 22 ᠤᠳᠠᠭ᠎ᠠ ᠪᠠᠶᠢᠴᠠᠭᠠᠵᠤ᠂ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ  ᠮᠡᠳᠡᠭᠳᠡᠯ  ᠢ 33 ᠬᠤᠪᠢ ᠪᠠᠭᠤᠯᠭᠠᠪᠠ᠃ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠪᠥᠬᠦ ᠬᠤᠰᠢᠭᠤᠨ ᠳᠤ ᠨᠡᠶᠢᠲᠡ 794 ᠠᠵᠤ ᠠᠬᠤᠶᠢᠯᠠᠯ ᠢ ᠪᠠᠶᠢᠴᠠᠭᠠᠵᠤ᠂ 1333 ᠳᠠᠯᠳᠠ ᠬᠡᠮ ᠢ ᠪᠠᠶᠢᠴᠠᠭᠠᠨ ᠭᠠᠷᠭᠠᠵᠤ᠂ 1333 ᠶᠢ ᠨᠢ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃    ᠳᠥᠷᠪᠡ ᠳᠤ ᠂ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠢ ᠵᠣᠬᠢᠶᠠᠨ ᠪᠠᠶᠢᠭᠤᠯᠤᠨ ᠬᠠᠷᠢᠶ᠎ᠠ ᠣᠷᠣᠨ ᠤ ᠳᠣᠲᠣᠷᠠᠬᠢ ᠶᠡᠭᠡ ᠠᠯᠭᠠᠰᠠᠯ ᠶᠡᠭᠡ ᠣᠷᠣᠨ ᠵᠠᠶ ᠶᠢᠨ ᠨᠢᠭᠡᠨᠲᠡ ᠪᠠᠶᠢᠭ᠎ᠠ ᠬᠡᠷ ᠪᠠᠶᠢᠰᠢᠩ ᠳᠤ ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠥᠷᠨᠢᠭᠦᠯᠵᠦ᠂ ᠨᠢᠭᠡᠨᠲᠡ 110 ᠭᠡᠷ ᠪᠠᠶᠢᠰᠢᠩ ᠢ ᠵᠢᠭᠰᠠᠭᠠᠨ ᠪᠠᠶᠢᠴᠠᠭᠠᠪᠠ᠃ ᠡᠭᠦᠨ ᠤ ᠬᠠᠮᠲᠤ ᠥᠪᠡᠷᠲᠡᠭᠡᠨ ᠵᠠᠰᠠᠬᠤ ᠣᠷᠣᠨ ᠪᠠ ᠤᠯᠠᠭᠠᠨᠬᠠᠳᠠ ᠬᠤᠲᠠ ᠶᠢᠨ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠣᠰᠣᠭᠠᠷ᠂ ᠪᠥᠬᠦ ᠬᠤᠰᠢᠭᠤᠨ ᠤ 374653 ᠭᠡᠷ ᠪᠠᠶᠢᠰᠢᠩ ᠤᠨ ᠵᠢᠷᠤᠭ ᠤᠨ ᠲᠣᠯᠪᠤ ᠶᠢ ᠪᠦᠬᠦᠨ ᠢ ᠵᠢᠭᠰᠠᠭᠠᠨ ᠪᠠᠶᠢᠴᠠᠭᠠᠵᠤ ᠳᠠᠭᠤᠰᠬᠠᠭᠠᠳ᠂ ᠪᠥᠬᠦ ᠬᠤᠰᠢᠭᠤᠨ ᠤ 515 ᠰᠠᠭᠤᠷᠢ ᠠᠮᠤᠷ ᠲᠦᠪᠰᠢᠨ ᠤ ᠳᠠᠯᠳᠠ ᠬᠡᠮ ᠣᠷᠣᠰᠢᠵᠤ  ᠪᠠᠶᠢᠬᠤ ᠶᠢ ᠠᠩᠬ᠎ᠠ ᠮᠠᠭᠠᠳᠯᠠᠭᠰᠠᠨ ᠪᠣᠰᠤᠳ ᠥᠪᠡᠰᠦᠪᠡᠨ ᠪᠠᠷᠢᠭᠰᠠᠨ ᠪᠤᠰᠤᠳ ᠭᠡᠷ ᠪᠠᠶᠢᠰᠢᠩ ᠢ ᠭᠤᠷᠪᠠᠳᠠᠬᠢ ᠡᠲᠡᠭᠡᠳ ᠤᠨ ᠺᠣᠮᠫᠠᠨᠢ 166 ᠰᠠᠭᠤᠷᠢ ᠬᠥᠮᠥᠨ ᠰᠠᠭᠤᠵᠤ ᠪᠠᠶᠢᠭ᠎ᠠ ᠭᠡᠷ ᠪᠠᠶᠢᠰᠢᠩ ᠤᠨ ᠲᠤᠭ᠎ᠠ ᠪᠠᠷᠢᠮᠲᠠ ᠶᠢ ᠴᠤᠭᠯᠠᠭᠤᠯᠵᠤ᠂ ᠨᠢᠭᠡᠨᠲᠡ 93 ᠬᠤᠪᠢ ᠬᠢᠨᠠᠨ  ᠲᠣᠭᠲᠠᠭᠠᠯᠲᠠ ᠶᠢᠨ ᠮᠡᠳᠡᠭᠦᠯᠦᠯᠲᠡ ᠭᠠᠷᠭᠠᠵᠤ᠂ ᠥᠪᠡᠰᠦᠪᠡᠨ ᠪᠠᠶᠢᠭᠤᠯᠤᠭᠰᠠᠨ ᠭᠡᠷ ᠪᠠᠶᠢᠰᠢᠩ ᠤᠨ ᠮᠡᠳᠡᠭᠡ ᠵᠠᠩᠭᠢ ᠶᠢ ᠴᠤᠭᠯᠠᠭᠤᠯᠬᠤ ᠲᠠᠪᠴᠠᠩ ᠳᠤ ᠣᠷᠣᠭᠤᠯᠪᠠ᠃  ᠡᠭᠦᠨ ᠤ ᠬᠠᠮᠲᠤ ᠮᠠᠯᠵᠢᠬᠤ ᠲᠠᠷᠢᠶᠠᠯᠠᠬᠤ ᠣᠷᠣᠨ ᠤ 122 ᠡᠷᠦᠬᠡ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠡᠭᠦᠷᠭᠡ ᠶᠢ ᠴᠢᠨᠠᠷ ᠰᠠᠶᠢᠲᠠᠢ  ᠪᠡᠶᠡᠯᠡᠭᠦᠯᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号