2023 ᠣᠨ ᠳᠤ ᠠᠣᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠪᠠᠷᠢᠯᠭ᠎ᠠ ᠶᠢᠨ ᠠᠵᠢᠯ᠂ ᠬᠤᠲᠠ ᠪᠠᠯᠭᠠᠰᠤᠨ ᠤ ᠰᠢᠲᠠᠮᠠᠬᠠᠶ ᠬᠡᠶ᠂ ᠥᠪᠡᠰᠦᠪᠡᠨ | ᠪᠠᠷᠢᠭᠰᠠᠨ ᠬᠡᠷ ᠪᠠᠶᠢᠰᠢᠩ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠵᠡᠷᠭᠡ ᠭᠤᠤᠯᠳᠠᠯᠭ᠎ᠠ ᠲᠠᠢ ᠬᠦᠷᠢᠶᠡᠨ ᠤ | ᠲᠣᠭᠤᠷᠢᠨ ᠳᠤ ᠢᠳᠡᠪᠬᠢᠲᠡᠶ ᠪᠠᠷ ᠠᠵᠢᠯᠯᠠᠵᠤ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠵᠢᠯ ᠲᠥᠷᠥᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ | ᠡᠷᠡᠰ ᠰᠠᠶᠢᠲᠤᠷ ᠠᠳᠬᠤᠨ᠎ᠠ᠃ | ᠨᠢᠭᠡ ᠳᠤ᠂ ᠵᠢᠯ ᠤᠨ ᠡᠬᠢᠨ ᠳᠤ ᠠᠵᠢᠯ ᠲᠥᠷᠥᠯ ᠤᠨ ᠠᠵᠤ ᠠᠬᠤᠶᠢᠯᠠᠯ ᠲᠠᠢ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠪᠥᠬᠦ ᠬᠤᠰᠢᠭᠤᠨ ᠤ ᠪᠠᠶᠢᠭᠤᠯᠵᠤ ᠪᠠᠶᠢᠭ᠎ᠠ | ᠲᠥᠷᠥᠯ ᠵᠦᠢᠯ ᠳᠤ ᠲᠤᠰᠬᠠᠶ ᠵᠦᠢᠯ ᠵᠢᠴᠢ ᠶᠡᠷᠦᠩᠬᠡᠶᠢᠯᠡᠭᠰᠡᠨ ᠪᠠᠶᠢᠴᠠᠭᠠᠯᠲᠠ 86 ᠤᠳᠠᠭ᠎ᠠ ᠰᠤᠭᠤᠴᠢᠨ | ᠪᠠᠶᠢᠴᠠᠭᠠᠯᠲᠠ ᠬᠢᠵᠦ᠂ 63 ᠬᠤᠪᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠬᠠᠭᠤᠳᠠᠰᠤ ᠶᠢ ᠪᠠᠭᠤᠯᠭᠠᠵᠤ᠂ | ᠣᠷᠣᠰᠢᠵᠤ ᠪᠠᠶᠢᠭ᠎ᠠ ᠠᠰᠠᠭᠤᠳᠠᠯ ᠢ ᠪᠦᠬᠦᠨ ᠢ ᠮᠥᠷᠳᠡᠨ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ ᠲᠤᠰᠬᠠᠶ | ᠮᠡᠷᠭᠡᠵᠢᠯ ᠤᠨ ᠠᠵᠢᠯᠲᠠᠨ ᠤᠷᠢᠵᠤ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠰᠤᠪᠤᠷᠭ᠎ᠠ ᠶᠢᠨ ᠮᠠᠰᠢᠨ ᠳᠤ 3 | ᠪᠦᠯᠦᠭ ᠤᠳᠠᠭ᠎ᠠ 64 ᠰᠠᠤᠷᠢ ᠮᠠᠰᠢᠨ ᠢ ᠪᠠᠶᠢᠴᠠᠭᠠᠵᠤ ᠂ ᠠᠮᠤᠷ ᠲᠦᠪᠰᠢᠨ ᠤ ᠳᠠᠯᠳᠠ ᠭᠡᠮ ᠢ 32 ᠬᠤᠪᠢ | ᠢᠯᠡᠷᠡᠭᠦᠯᠵᠦ᠂ ᠴᠡᠭᠴᠡᠯᠡᠨ ᠰᠠᠶᠢᠵᠢᠷᠠᠭᠤᠯᠤᠯᠲᠠ ᠪᠠᠷ ᠳᠠᠮᠵᠢᠭᠠᠳ ᠴᠥᠮ ᠠᠮᠤᠷ ᠲᠦᠪᠰᠢᠨ ᠤ ᠵᠢᠷᠤᠮᠵᠢᠯ ᠤᠨ | ᠪᠠᠷᠢᠮᠵᠢᠶ᠎ᠠ ᠳᠤ ᠬᠦᠷᠴᠡᠶ᠃ ᠪᠠᠷᠢᠯᠭ᠎ᠠ ᠶᠢᠨ ᠭᠠᠵᠠᠷ ᠢ ᠵᠣᠬᠢᠶᠠᠨ ᠪᠠᠶᠢᠭᠤᠯᠤᠨ ᠪᠠᠴᠢᠮ ᠪᠠᠶᠢᠳᠠᠯ ᠢ ᠠᠷᠭᠠᠴᠠᠬᠤ | ᠰᠣᠷᠢᠯᠲᠠ ᠶᠢ 8 ᠤᠳᠠᠭ᠎ᠠ ᠥᠷᠨᠢᠭᠦᠯᠵᠦ᠂ ᠡᠯ᠎ᠡ ᠵᠦᠢᠯ ᠤᠨ ᠭᠠᠷᠴᠤ ᠮᠡᠳᠡᠬᠦ ᠠᠶᠤᠯᠭᠦᠶ ᠶᠢᠨ ᠡ᠊ᠨᠳᠡᠯ ᠳᠤ ᠰᠣᠷᠢᠯᠲᠠ | ᠬᠢᠪᠡ᠃ | ᠬᠤᠶᠠᠷ ᠲᠤ᠂ ᠬᠠᠮᠢᠶ᠎ᠠ ᠪᠥᠬᠦᠶ ᠨᠡᠶᠢᠲᠡ ᠶᠢᠨ ᠬᠡᠷᠡᠭᠯᠡᠭᠡᠨ ᠤ ᠬᠤᠭᠤᠯᠠᠶ ᠶᠢᠨ ᠱᠤᠭᠤᠮ ᠤᠨ ᠬᠠᠷᠢᠶᠠᠯᠠᠯᠲᠠ ᠵᠢᠴᠢ | ᠠᠷᠠᠴᠢᠯᠠᠨ ᠬᠠᠮᠠᠭᠠᠯᠠᠬᠤ ᠨᠢᠭᠡᠴᠢ ᠶᠢ ᠲᠦᠷᠦᠭᠦᠯᠡᠨ ᠵᠣᠬᠢᠶᠠᠨ ᠪᠠᠶᠢᠭᠤᠯᠵᠤ ᠭᠠᠵᠠᠷ ᠳᠣᠤᠷᠠᠬᠢ ᠨᠡᠶᠢᠲᠡ ᠶᠢᠨ | ᠬᠡᠷᠡᠭᠯᠡᠭᠡᠨ ᠤ ᠬᠤᠭᠤᠯᠠᠶ ᠶᠢᠨ ᠱᠤᠭᠤᠮ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠲᠤᠰᠬᠠᠶ ᠠᠩᠭᠢ ᠪᠠᠶᠢᠭᠤᠯᠵᠤ᠂ ᠰᠢᠨ ᠾᠦᠢ ᠬᠤᠲᠠ ᠲᠣᠭᠤᠷᠢᠭ ᠤᠨ ᠪᠠᠶᠢᠭᠤᠯᠤᠭᠰᠠᠨ | ᠲᠣᠭᠤᠷᠢᠭ ᠤᠨ ᠭᠠᠵᠠᠷ ᠳᠣᠤᠷᠠᠬᠢ ᠤᠰᠤ ᠬᠠᠩᠭᠠᠬᠤ᠂ ᠪᠣᠷᠣᠭᠠᠨ ᠤ ᠤᠰᠤ᠂ ᠪᠣᠬᠢᠷ ᠤᠰᠤ᠂ ᠬᠤᠭᠤᠯᠠᠶ ᠶᠢᠨ | ᠰᠢᠲᠠᠮᠠᠬᠠᠶ ᠬᠡᠶ᠂ ᠲᠥᠪᠯᠡᠷᠡᠭᠦᠯᠦᠨ ᠢᠯᠴᠢ ᠬᠠᠩᠭᠠᠬᠤ ᠵᠡᠷᠭᠡ ᠬᠤᠲᠠ ᠶᠢᠨ ᠶᠠᠪᠤᠳᠠᠯ ᠤᠨ ᠬᠤᠭᠤᠯᠠᠶ ᠶᠢᠨ ᠱᠤᠭᠤᠮ | ᠵᠢᠴᠢ ᠬᠠᠮᠢᠶ᠎ᠠ ᠪᠥᠬᠦᠶ ᠳᠠᠭᠠᠯᠲᠠ ᠲᠥᠬᠦᠭᠡᠷᠦᠮᠵᠢ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠨᠡᠶᠢᠲᠡ 21 | ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠴᠥᠮ ᠡᠬᠡ ᠲᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ | ᠬᠡᠮᠵᠢᠶ᠎ᠡ᠂ ᠴᠡᠭᠴᠡᠯᠡᠨ ᠰᠠᠶᠢᠵᠢᠷᠠᠭᠤᠯᠬᠤ ᠠᠷᠭ᠎ᠠ ᠮᠠᠶ᠋ᠢᠭ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ | ᠲᠣᠳᠣᠷᠬᠠᠶᠢᠯᠠᠭᠰᠠᠨ ᠪᠥᠭᠡᠳ ᠵᠦᠢᠯ ᠳᠠᠷᠠᠭᠠᠯᠠᠨ ᠴᠡᠭᠴᠡᠯᠡᠨ ᠰᠠᠶᠢᠵᠢᠷᠠᠭᠤᠯᠵᠤ᠂ ᠬᠡᠮ ᠰᠣᠭᠤᠭ ᠤᠨ ᠠᠰᠠᠭᠤᠳᠠᠯ ᠢ | ᠨᠠᠶᠢᠳᠠᠪᠤᠷᠢᠵᠢᠭᠤᠯᠤᠨ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠪᠠ᠃ | ᠭᠤᠷᠪᠠ ᠳᠤ᠂ ᠡᠯ᠎ᠡ ᠭᠠᠵᠠᠷ ᠤᠨ ᠠᠳᠡᠯ ᠤᠨ ᠰᠤᠷᠭᠠᠮᠵᠢ ᠶᠢ ᠡᠷᠭᠢᠴᠡᠭᠦᠯᠦᠨ ᠪᠣᠳᠣᠯᠬᠢᠯᠠᠵᠤ᠂ ᠣᠷᠣᠨ ᠰᠠᠭᠤᠴᠠ | ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠦᠨᠳᠦ ᠶᠡᠭᠡ ᠠᠳᠡᠯ ᠤᠨ ᠳᠠᠯᠳᠠ | ᠭᠡᠮ ᠳᠤ ᠭᠤᠤᠯᠳᠠᠯᠭ᠎ᠠ ᠲᠠᠢ ᠬᠢᠨᠠᠯᠲᠠ ᠲᠠᠯᠪᠢᠵᠤ ᠪᠠᠶᠢᠴᠠᠭᠠᠯᠲᠠ ᠬᠢᠪᠡ᠃ ᠨᠡᠶᠢᠲᠡ ᠶᠢᠨ ᠬᠡᠷᠡᠭᠯᠡᠭᠡᠨ ᠤ ᠦᠢᠯᠡᠰ ᠤᠨ | ᠠᠵᠤ ᠠᠬᠤᠶᠢᠯᠠᠯ ᠢ ᠨᠡᠶᠢᠲᠡ 15 ᠤᠳᠠᠭ᠎ᠠ ᠪᠠᠶᠢᠴᠠᠭᠠᠵᠤ᠂ ᠯᠣᠩᠬᠤ ᠰᠣᠯᠢᠬᠤ ᠥᠷᠲᠡᠭᠡ ᠴᠡᠭ ᠢ 22 ᠤᠳᠠᠭ᠎ᠠ | ᠪᠠᠶᠢᠴᠠᠭᠠᠵᠤ᠂ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠢ 33 ᠬᠤᠪᠢ ᠪᠠᠭᠤᠯᠭᠠᠪᠠ᠃ ᠬᠤᠲᠠ | ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ | ᠪᠥᠬᠦ ᠬᠤᠰᠢᠭᠤᠨ ᠳᠤ ᠨᠡᠶᠢᠲᠡ 794 ᠠᠵᠤ ᠠᠬᠤᠶᠢᠯᠠᠯ ᠢ ᠪᠠᠶᠢᠴᠠᠭᠠᠵᠤ᠂ 1333 ᠳᠠᠯᠳᠠ ᠬᠡᠮ ᠢ ᠪᠠᠶᠢᠴᠠᠭᠠᠨ | ᠭᠠᠷᠭᠠᠵᠤ᠂ 1333 ᠶᠢ ᠨᠢ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ | ᠳᠥᠷᠪᠡ ᠳᠤ ᠂ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠢ | ᠵᠣᠬᠢᠶᠠᠨ ᠪᠠᠶᠢᠭᠤᠯᠤᠨ ᠬᠠᠷᠢᠶ᠎ᠠ ᠣᠷᠣᠨ ᠤ ᠳᠣᠲᠣᠷᠠᠬᠢ ᠶᠡᠭᠡ ᠠᠯᠭᠠᠰᠠᠯ ᠶᠡᠭᠡ ᠣᠷᠣᠨ ᠵᠠᠶ ᠶᠢᠨ ᠨᠢᠭᠡᠨᠲᠡ ᠪᠠᠶᠢᠭ᠎ᠠ | ᠬᠡᠷ ᠪᠠᠶᠢᠰᠢᠩ ᠳᠤ ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠥᠷᠨᠢᠭᠦᠯᠵᠦ᠂ ᠨᠢᠭᠡᠨᠲᠡ 110 | ᠭᠡᠷ ᠪᠠᠶᠢᠰᠢᠩ ᠢ ᠵᠢᠭᠰᠠᠭᠠᠨ ᠪᠠᠶᠢᠴᠠᠭᠠᠪᠠ᠃ ᠡᠭᠦᠨ ᠤ ᠬᠠᠮᠲᠤ ᠥᠪᠡᠷᠲᠡᠭᠡᠨ ᠵᠠᠰᠠᠬᠤ ᠣᠷᠣᠨ ᠪᠠ ᠤᠯᠠᠭᠠᠨᠬᠠᠳᠠ | ᠬᠤᠲᠠ ᠶᠢᠨ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ | ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠣᠰᠣᠭᠠᠷ᠂ ᠪᠥᠬᠦ ᠬᠤᠰᠢᠭᠤᠨ ᠤ 374653 ᠭᠡᠷ ᠪᠠᠶᠢᠰᠢᠩ ᠤᠨ | ᠵᠢᠷᠤᠭ ᠤᠨ ᠲᠣᠯᠪᠤ ᠶᠢ ᠪᠦᠬᠦᠨ ᠢ ᠵᠢᠭᠰᠠᠭᠠᠨ ᠪᠠᠶᠢᠴᠠᠭᠠᠵᠤ ᠳᠠᠭᠤᠰᠬᠠᠭᠠᠳ᠂ ᠪᠥᠬᠦ ᠬᠤᠰᠢᠭᠤᠨ ᠤ 515 ᠰᠠᠭᠤᠷᠢ | ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠶᠢ ᠠᠩᠬ᠎ᠠ ᠮᠠᠭᠠᠳᠯᠠᠭᠰᠠᠨ ᠪᠣᠰᠤᠳ ᠥᠪᠡᠰᠦᠪᠡᠨ | ᠪᠠᠷᠢᠭᠰᠠᠨ ᠪᠤᠰᠤᠳ ᠭᠡᠷ ᠪᠠᠶᠢᠰᠢᠩ ᠢ ᠭᠤᠷᠪᠠᠳᠠᠬᠢ ᠡᠲᠡᠭᠡᠳ ᠤᠨ ᠺᠣᠮᠫᠠᠨᠢ 166 ᠰᠠᠭᠤᠷᠢ ᠬᠥᠮᠥᠨ ᠰᠠᠭᠤᠵᠤ | ᠪᠠᠶᠢᠭ᠎ᠠ ᠭᠡᠷ ᠪᠠᠶᠢᠰᠢᠩ ᠤᠨ ᠲᠤᠭ᠎ᠠ ᠪᠠᠷᠢᠮᠲᠠ ᠶᠢ ᠴᠤᠭᠯᠠᠭᠤᠯᠵᠤ᠂ ᠨᠢᠭᠡᠨᠲᠡ 93 ᠬᠤᠪᠢ ᠬᠢᠨᠠᠨ | ᠲᠣᠭᠲᠠᠭᠠᠯᠲᠠ ᠶᠢᠨ ᠮᠡᠳᠡᠭᠦᠯᠦᠯᠲᠡ ᠭᠠᠷᠭᠠᠵᠤ᠂ ᠥᠪᠡᠰᠦᠪᠡᠨ ᠪᠠᠶᠢᠭᠤᠯᠤᠭᠰᠠᠨ ᠭᠡᠷ ᠪᠠᠶᠢᠰᠢᠩ ᠤᠨ ᠮᠡᠳᠡᠭᠡ | ᠵᠠᠩᠭᠢ ᠶᠢ ᠴᠤᠭᠯᠠᠭᠤᠯᠬᠤ ᠲᠠᠪᠴᠠᠩ ᠳᠤ ᠣᠷᠣᠭᠤᠯᠪᠠ᠃ ᠡᠭᠦᠨ ᠤ ᠬᠠᠮᠲᠤ ᠮᠠᠯᠵᠢᠬᠤ ᠲᠠᠷᠢᠶᠠᠯᠠᠬᠤ ᠣᠷᠣᠨ ᠤ | 122 ᠡᠷᠦᠬᠡ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠡᠭᠦᠷᠭᠡ ᠶᠢ ᠴᠢᠨᠠᠷ ᠰᠠᠶᠢᠲᠠᠢ | ᠪᠡᠶᠡᠯᠡᠭᠦᠯᠪᠡ᠃ | | |