ᠬᠤᠸᠠᠩ ᠶᠠᠩ ᠸᠠ ᠪᠠᠯᠭᠠᠰᠤ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠴᠢᠩᠭᠠᠳᠬᠠᠪᠠ
ᠨᠡᠶᠢᠲᠡᠯᠡᠭᠰᠡᠨ ᠴᠠᠭ᠄
2024/1/15
    ᠡᠨᠡ ᠵᠢᠯ ᠠᠴᠠ ᠨᠠᠰᠢ᠂ ᠬᠤᠸᠠᠩ ᠶᠠᠩ ᠸᠠ ᠪᠠᠯᠭᠠᠰᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠤᠯᠢ ᠬᠡᠷᠡᠭᠵᠢᠭᠦᠯᠬᠦ ᠠᠵᠢᠯ ᠤᠨ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠬᠠᠷᠠᠯᠲᠠ᠂ ᠦᠨᠳᠦᠰᠦᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠡᠯ᠎ᠡ ᠵᠦᠢᠯ ᠤᠨ ᠲᠦᠷᠢᠮ ᠢ ᠪᠦᠷᠢᠨᠰᠢᠬᠦᠯᠵᠦ᠂ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢ ᠰᠠᠯᠠᠭ᠎ᠠ ᠮᠥᠴᠢᠷ ᠨᠢᠭᠡᠪᠦᠷᠢ᠂ ᠠᠵᠢᠯ ᠤᠨ ᠪᠠᠶᠢᠷᠢ ᠨᠢᠭᠡᠪᠦᠷᠢ ᠳᠤ ᠬᠦᠷᠲᠡᠯ᠎ᠡ ᠨᠠᠷᠢᠯᠢᠬᠵᠢᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠡᠯ᠎ᠡ ᠬᠦᠷᠢᠶᠡᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠪᠠ᠃    ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠮᠢᠶᠠᠷᠤᠯᠲᠠ ᠶᠢ  ᠴᠢᠩᠭᠠᠳᠬᠠᠨ᠎ᠠ᠃ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ︽ᠥᠴᠦᠬᠡᠨ ᠴᠦ ᠠᠭᠤᠴᠢᠯᠠᠬᠤ ᠦᠭᠡᠢ︾ ᠪᠠᠶᠢᠬᠤ ᠶᠡᠷᠦᠩᠬᠡᠶ ᠱᠠᠭᠠᠷᠳᠠᠯᠭ᠎ᠠ ᠶᠣᠰᠣᠭᠠᠷ᠂ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠬᠤᠪᠢᠶᠠᠷᠢ ᠲᠣᠪᠴᠢᠶ᠎ᠠ ᠬᠥᠳᠡᠯᠦᠩᠭᠦᠶ ᠲᠣᠭᠤᠷᠢᠨ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠶᠢ ᠵᠢᠷᠤᠮᠵᠢᠭᠤᠯᠵᠤ᠂ ᠬᠥᠳᠡᠯᠦᠩᠭᠦᠶ ᠲᠣᠭᠤᠷᠢᠨ ᠪᠠᠶᠢᠴᠠᠭᠠᠬᠤ ᠭᠤᠤᠯ ᠴᠣᠭᠴᠠ ᠶᠢ ᠲᠣᠳᠣᠷᠬᠠᠶᠢᠯᠠᠨ᠂ ᠬᠥᠳᠡᠯᠦᠩᠭᠦᠶ ᠲᠣᠭᠤᠷᠢᠨ ᠪᠠᠶᠢᠴᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠦᠯᠲᠡ ᠶᠢ ᠢᠯᠡ ᠲᠣᠳᠣ᠂ ᠲᠦᠷᠢᠮ ᠢ ᠬᠢᠵᠠᠭᠠᠷᠯᠠᠨ᠂ ᠬᠠᠤᠯᠢ ᠶᠢ ᠴᠢᠩᠭ᠎ᠠ ᠬᠡᠷᠡᠭᠵᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠵᠤ᠂ ᠠᠰᠠᠭᠤᠳᠠᠯ ᠢ ᠦᠨᠡᠨᠬᠦ ᠴᠤᠬᠤᠶᠢᠵᠤ ᠪᠠᠶᠢᠭ᠎ᠠ ᠪᠠᠶᠢᠳᠠᠯ ᠳᠤᠨᠢ  ᠠᠷᠢᠯᠭᠠᠨ᠎ᠠ     ᠤᠬᠠᠭᠤᠯᠭ᠎ᠠ ᠶᠢ ᠥᠷᠨᠢᠭᠦᠯᠵᠦ᠂ ᠲᠠᠨᠢᠯᠲᠠ ᠶᠢ  ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠤᠬᠠᠭᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ᠨᠡᠶᠢᠭᠡᠮ ᠤᠨ ᠨᠥᠯᠥᠭᠡ ᠶᠢ ᠥᠷᠭᠡᠳᠬᠡᠨ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠲᠣᠭᠲᠠᠭᠠᠯ ᠶᠣᠰᠣᠭᠠᠷ ᠦᠢᠯᠡᠳᠪᠦᠷᠢᠯᠡᠯ ᠢᠶᠠᠷ ᠬᠥᠭᠵᠢᠯᠲᠡ ᠶᠢ  ᠠᠬᠢᠭᠤᠯᠤᠨ᠎ᠠ᠃ ᠲᠣᠰᠬᠤᠨ ᠪᠣᠯᠭᠠᠨ ᠳᠤ ᠳᠠᠭᠤᠷᠢᠰᠬᠤ᠂ ᠣᠯᠠᠨ ᠨᠡᠶᠢᠲᠡ ᠶᠢᠨ ᠳ᠋ᠤᠭᠠᠷ ᠢᠶᠠᠷ ᠠᠶᠤᠯᠭᠦᠶ ᠦᠢᠯᠡᠳᠪᠦᠷᠢᠯᠡᠯ᠂ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ᠂ ᠪᠠᠯᠭᠠᠰᠤ ᠲᠣᠰᠬᠤᠨ ᠤ ᠪᠥᠲᠥᠭᠡᠨ ᠪᠠᠶᠢᠭᠤᠯᠤᠯᠲᠠ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠥᠨᠴᠥᠭ ᠪᠤᠯᠤᠩ ᠥᠬᠡᠶ᠂ ᠪᠦᠬᠦᠨ ᠢ ᠬᠠᠮᠤᠷᠬᠤ ᠶᠢ  ᠪᠡᠶᠡᠯᠡᠭᠦᠯᠦᠨ᠎ᠡ᠃ ᠤᠬᠠᠭᠤᠯᠭ᠎ᠠ ᠪᠠᠷ ᠳᠠᠮᠵᠢᠭᠤᠯᠤᠨ᠂ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ᠂ ᠥᠷᠭᠡᠨ ᠣᠯᠠᠨ ᠲᠦᠮᠡᠨ ᠳᠤ ᠡᠯ᠎ᠡ ᠬᠦᠷᠢᠶᠡᠨ ᠳᠠᠬᠢ ᠬᠠᠤᠯᠢ ᠴᠠᠭᠠᠵᠠ ᠬᠠᠤᠯᠢ ᠲᠣᠭᠲᠠᠭᠠᠯ ᠢ ᠭᠦᠢᠴᠡᠳ ᠣᠶᠢᠯᠠᠭᠠᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠬᠡᠷᠡᠭ ᠡᠭᠦᠰᠬᠦ ᠶᠢ  ᠪᠠᠭᠤᠷᠠᠭᠤᠯᠤᠨ᠎ᠠ᠃    ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠠᠶᠤᠯ ᠲᠦᠭᠰᠢᠭᠦᠷᠢ ᠶᠢ ᠤᠷᠢᠳᠴᠢᠯᠠᠨ  ᠰᠡᠷᠭᠡᠶᠢᠯᠡᠨ᠎ᠡ᠃ ︽ᠡᠬᠢᠨ ᠤ ᠦᠶ᠎ᠡ ᠳᠤᠨᠢ ᠢᠯᠡᠷᠡᠭᠦᠯᠵᠦ᠂ ᠴᠤᠬᠤᠶᠢᠵᠤ ᠪᠠᠶᠢᠬᠤ ᠠᠴᠠ ᠨᠢ ᠰᠢᠢᠳᠪᠦᠷᠢᠯᠡᠬᠦ︾ ᠵᠢᠯᠣᠭᠤᠳᠬᠤ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠡᠭᠦᠰᠬᠦ ᠶᠢ ᠡᠬᠢ ᠡᠭᠦᠰᠦᠯ ᠠᠴᠠ ᠨᠢ ᠰᠡᠷᠭᠡᠶᠢᠯᠡᠬᠦ ᠪᠠ ᠪᠠᠭᠠᠰᠬᠠᠨ᠎ᠠ᠃ ᠡᠭᠦᠨ ᠤ ᠬᠠᠮᠲᠤ ᠲᠣᠭᠤᠷᠢᠨ ᠪᠠᠶᠢᠴᠠᠭᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠲᠣᠭᠤᠷᠢᠨ ᠪᠠᠶᠢᠴᠠᠭᠠᠬᠤ ᠳᠤᠮᠳᠠ ︽ᠳᠥᠷᠪᠡ ᠶᠢ ᠴᠠᠭ ᠲᠤᠬᠠᠶ ᠳᠤᠨᠢ ᠭᠦᠢᠴᠡᠳᠬᠡᠬᠦ︾ ᠶᠢ ᠪᠡᠶᠡᠯᠡᠭᠦᠯᠦᠨ᠎ᠡ᠂ ᠲᠤᠬᠠᠶᠢᠯᠠᠪᠠᠯ ᠴᠠᠭ ᠲᠤᠬᠠᠶ ᠳᠤᠨᠢ ᠢᠯᠡᠷᠡᠭᠦᠯᠵᠦ᠂ ᠴᠠᠭ ᠲᠤᠬᠠᠶ ᠳᠤᠨᠢ ᠬᠤᠷᠢᠭᠯᠠᠨ ᠵᠣᠭᠰᠣᠭᠠᠵᠤ᠂ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠴᠠᠭ ᠲᠤᠬᠠᠶ ᠳᠤᠨᠢ ᠪᠠᠶᠢᠴᠠᠭᠠᠨ ᠰᠢᠢᠳᠪᠦᠷᠢᠯᠡᠵᠦ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠬᠢᠨ ᠤ ᠦᠶ᠎ᠡ ᠳᠤ ᠤᠰᠠᠳᠬᠠᠬᠤ ᠪᠠᠷ ᠴᠢᠷᠮᠠᠶᠢᠨ᠎ᠠ᠃    ᠲᠥᠪᠯᠡᠷᠡᠭᠦᠯᠦᠨ ᠴᠡᠭᠴᠡᠯᠡᠨ ᠵᠠᠰᠠᠵᠤ᠂ ᠰᠦᠷᠳᠡᠭᠦᠯᠦᠯ ᠢ ᠪᠤᠢ  ᠪᠣᠯᠭᠠᠨ᠎ᠠ᠃ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠬᠠᠤᠯᠢ ᠠᠴᠠ ᠵᠥᠷᠢᠴᠡᠨ ᠦᠢᠯᠡᠳᠪᠦᠷᠢᠯᠡᠬᠦ᠂ ᠲᠣᠭᠲᠠᠭᠠᠯ ᠠᠴᠠ ᠵᠥᠷᠢᠴᠡᠨ ᠪᠦᠲᠦᠭᠡᠨ ᠪᠠᠶᠢᠭᠤᠯᠬᠤ᠂ ᠬᠠᠤᠯᠢ ᠠᠴᠠ ᠵᠥᠷᠢᠴᠡᠨ ᠡᠵᠡᠩᠨᠡᠬᠦ ᠡᠵᠡᠩᠨᠡᠯᠲᠡ ᠶᠢᠨ  ᠨᠢᠭᠡᠴᠢ ᠪᠣᠯᠤᠨ ᠬᠤᠪᠢ ᠬᠥᠮᠦᠨ ᠢ ᠨᠢᠭᠡ ᠶᠢ ᠣᠯᠵᠤ ᠮᠡᠳᠡᠪᠡᠯ ᠨᠢᠭᠡ ᠶᠢ  ᠰᠢᠢᠳᠪᠦᠷᠢᠯᠡᠨ᠎ᠡ᠃ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠵᠤ᠂ ᠲᠣᠭᠲᠠᠭᠠᠯ ᠶᠣᠰᠣᠭᠠᠷ ᠰᠢᠳᠬᠡᠵᠦ᠂ ᠰᠦᠷᠳᠡᠭᠦᠯᠦᠯ ᠢ ᠪᠤᠢ ᠪᠣᠯᠭᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号