ᠰᠠᠯᠪᠤᠷᠢ ᠰᠢᠶᠠᠩ ᠤᠨ ︽ᠭᠤᠷᠪᠠᠨ ᠠᠷᠭ᠎ᠠ ᠬᠡᠮᠵᠢᠶ᠎ᠡ︾ ᠨᠢ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠨ᠎ᠠ
ᠨᠡᠶᠢᠲᠡᠯᠡᠭᠰᠡᠨ ᠴᠠᠭ᠄
2024/1/15
    ᠵᠠᠰᠠᠭ ᠤᠨ ᠶᠠᠪᠤᠳᠠᠯ ᠢ ᠢᠯᠡ ᠪᠣᠯᠭᠠᠬᠤ ᠪᠣᠯ ᠵᠠᠰᠠᠭ ᠤᠨ ᠣᠷᠳᠣᠨ ᠪᠠ ᠰᠠᠯᠠᠭ᠎ᠠ ᠮᠥᠴᠢᠷ ᠤᠨ ᠳᠦᠷᠢ ᠲᠥᠷᠬᠦ ᠶᠢ ᠳᠡᠯᠭᠡᠨ ᠦᠵᠡᠭᠦᠯᠬᠦ ᠴᠣᠩᠬᠤ ᠮᠥᠨ᠃ ᠣᠶᠢᠷ᠎ᠠ ᠶᠢᠨ ᠵᠢᠯ ᠳᠤ᠂ ᠰᠠᠯᠪᠤᠷᠢ ᠰᠢᠶᠠᠩ ︽ᠢᠯᠡ ᠪᠣᠯᠭᠠᠬᠤ ᠪᠣᠯ ᠬᠡᠪ ᠤᠨ ᠪᠠᠶᠢᠳᠠᠯ᠂ ᠢᠯᠡ ᠪᠣᠯᠭᠠᠬᠤ ᠥᠬᠡᠶ ᠪᠣᠯ ᠣᠨᠴᠠᠭᠠᠶ ᠪᠠᠶᠢᠳᠠᠯ︾ ᠭᠡᠬᠦ ᠵᠠᠷᠴᠢᠮ ᠢ ᠪᠠᠷᠢᠮᠲᠠᠯᠠᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ᠂ ᠢᠯᠡ ᠪᠣᠯᠭᠠᠬᠤ ᠬᠡᠯᠪᠡᠷᠢ ᠶᠢᠨ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠢᠯᠡ ᠪᠣᠯᠭᠠᠬᠤ ᠠᠭᠤᠯᠭ᠎ᠠ ᠶᠢ ᠪᠠᠶᠠᠯᠢᠭᠵᠢᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠠᠶᠢᠩᠭᠤᠵᠢᠭᠤᠯᠬᠤ᠂ ᠳᠦᠷᠢᠮᠵᠢᠭᠦᠯᠬᠦ᠂ ᠵᠢᠷᠤᠮᠵᠢᠭᠤᠯᠬᠤ ᠶᠢ ᠦᠷᠭᠦᠯᠵᠢᠯᠡᠨ ᠳᠥᠯᠭᠢᠨ ᠠᠬᠢᠭᠤᠯᠪᠠ᠃    ᠴᠠᠭ ᠲᠤᠬᠠᠶ ᠳᠤᠨᠢ ᠢᠯᠡ ᠪᠣᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠨᠢᠭᠡ ᠲᠠᠯ᠎ᠠ ᠪᠠᠷ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ᠂ ᠣᠯᠠᠨ ᠨᠡᠶᠢᠲᠡ ᠶᠢᠨ ᠰᠣᠶᠣᠯ ᠤᠨ  ᠦᠢᠯᠡᠴᠢᠯᠡᠭᠡ᠂ ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠱᠠᠲᠤ ᠦᠶ᠎ᠡ ᠶᠢᠨ ᠴᠢᠨᠠᠷᠲᠠᠶ ᠠᠵᠢᠯ ᠢ ᠪᠡᠶᠡᠯᠡᠭᠦᠯᠦᠭᠰᠡᠨ ᠤ ᠳᠠᠷᠠᠭ᠎ᠠ᠂ ᠬᠠᠮᠢᠶ᠎ᠠ ᠪᠥᠬᠦᠶ ᠠᠭᠤᠯᠭ᠎ᠠ ᠶᠢ ᠢᠯᠡ ᠪᠣᠯᠭᠠᠬᠤ ᠶᠢ ᠴᠠᠭ ᠲᠤᠬᠠᠶ ᠳᠤᠨᠢ ᠰᠠᠶᠢᠲᠤᠷ ᠬᠢᠬᠦ ᠬᠡᠷᠡᠭᠲᠡᠶ᠃ ᠨᠥᠭᠦᠭᠡ ᠲᠠᠯ᠎ᠠ ᠪᠠᠷ ᠴᠠᠭ ᠬᠤᠭᠤᠴᠠᠭᠠᠨ ᠤ ᠵᠠᠩᠭᠢᠯᠠᠭ᠎ᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠰᠠᠷ᠎ᠠ᠂ ᠤᠯᠠᠷᠢᠯ᠂ ᠣᠨ ᠤ ᠰᠢᠨᠡᠳᠬᠡᠬᠦ ᠴᠢᠬᠤᠯᠠᠲᠠᠶ ᠠᠭᠤᠯᠭ᠎ᠠ ᠶᠢ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠲᠡᠷᠡ ᠳᠠᠷᠤᠶ ᠳᠤᠨᠢ ᠰᠢᠨᠡᠳᠬᠡᠬᠦ ᠬᠡᠷᠡᠭᠲᠡᠶ᠃    ᠮᠡᠳᠡᠭᠡ ᠵᠠᠩᠭᠢ ᠶᠢᠨ ᠵᠥᠪ ᠣᠨᠣᠪᠴᠢᠲᠠᠶ  ᠪᠠᠶᠢᠬᠤ ᠶᠢ ᠪᠠᠲᠤᠯᠠᠬᠤ ᠬᠡᠷᠡᠭᠲᠡᠶ᠃ ᠢᠯᠡ ᠪᠣᠯᠭᠠᠬᠤ ᠴᠢᠬᠤᠯᠠᠲᠠᠶ ᠡᠯ᠎ᠡ  ᠵᠦᠢᠯ ᠤᠨ ᠠᠭᠤᠯᠭ᠎ᠠ ᠳᠤ ᠴᠢᠭᠯᠡᠭᠦᠯᠦᠨ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠤᠰᠬᠠᠶ ᠬᠥᠮᠦᠨ ᠢᠶᠠᠷ ᠬᠠᠷᠢᠭᠤᠴᠠᠭᠤᠯᠬᠤ ᠶᠢ ᠲᠣᠳᠣᠷᠬᠠᠶᠢᠯᠠᠨ᠂ ᠡᠯ᠎ᠡ ᠰᠠᠯᠠᠭ᠎ᠠ ᠮᠥᠴᠢᠷ ᠤᠳ ᠬᠠᠷᠢᠯᠴᠠᠨ ᠬᠠᠮᠵᠢᠯᠴᠠᠵᠤ᠂ ᠠᠳᠠᠯᠢ ᠴᠢᠭᠯᠡᠯ ᠢᠶᠠᠷ ᠬᠦᠴᠦᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠨ ᠳᠡᠭᠡᠭᠰᠢ ᠮᠡᠳᠡᠭᠦᠯᠦᠭᠰᠡᠨ ᠮᠠᠲ᠋ᠧᠷᠢᠶᠠᠯ ᠢ ᠰᠠᠶᠢᠲᠤᠷ ᠬᠢᠨᠠᠨ ᠬᠠᠷᠭᠤᠭᠤᠯᠵᠤ᠂ ᠡᠩ ᠤᠨ ᠲᠥᠷᠥᠯ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ᠂ ᠴᠢᠬᠤᠯᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ᠂ ᠨᠢᠭᠤᠴᠠ ᠳᠤ ᠬᠤᠯᠪᠣᠭᠳᠠᠬᠤ ᠪᠠ ᠬᠤᠪᠢ ᠳᠤ ᠬᠤᠯᠪᠣᠭᠳᠠᠬᠤ ᠲᠥᠷᠥᠯ ᠤᠨ ᠮᠡᠳᠡᠭᠡ ᠵᠠᠩᠭᠢ ᠵᠡᠷᠭᠡ ᠶᠢ ᠦᠨᠳᠦᠰᠦᠯᠡᠨ ᠲᠥᠷᠥᠯ ᠬᠤᠪᠢᠶᠠᠨ ᠡᠮᠬᠢᠯᠡᠬᠦ ᠶᠢ ᠰᠠᠶᠢᠲᠤᠷ ᠬᠢᠵᠦ᠂ ᠨᠡᠶᠢᠲᠡᠯᠡᠬᠦ ᠠᠴᠠ ᠡᠮᠦᠨ᠎ᠡ ᠬᠢᠨᠠᠨ ᠬᠠᠷᠭᠤᠭᠤᠯᠵᠤ ᠨᠡᠶᠢᠲᠡᠯᠡᠬᠦ ᠲᠦᠷᠢᠮ ᠤᠨ ᠶᠣᠰᠣᠭᠠᠷ ᠳᠠᠬᠢᠨᠲᠠ ᠬᠢᠨᠠᠨ ᠬᠠᠷᠭᠤᠭᠤᠯᠵᠤ᠂ ᠨᠡᠶᠢᠲᠡᠯᠡᠭᠰᠡᠨ ᠮᠡᠳᠡᠭᠡ ᠵᠠᠩᠭᠢ ᠶᠢᠨ ᠱᠠᠭᠠᠷᠳᠠᠯᠭ᠎ᠠ ᠳᠤ ᠨᠡᠶᠢᠴᠡᠬᠦ ᠶᠢ ᠦᠨᠡᠨᠬᠦ ᠪᠠᠲᠤᠯᠠᠬᠤ ᠬᠡᠷᠡᠭᠲᠡᠶ᠃    ᠠᠰᠠᠭᠤᠳᠠᠯ ᠢ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ  ᠪᠠᠲᠤᠯᠠᠬᠤ ᠬᠡᠷᠡᠭᠲᠡᠢ᠃ ᠵᠠᠰᠠᠭ ᠤᠨ ᠶᠠᠪᠤᠳᠠᠯ ᠢ ᠢᠯᠡ ᠪᠣᠯᠭᠠᠬᠤ ᠭᠠᠷᠴᠠᠭ ᠢ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠵᠤ᠂ ᠨᠠᠷᠢᠨ ᠬᠢᠨᠠᠮᠠᠭᠠᠶ ᠵᠠᠳᠠᠯᠤᠨ᠂ ᠨᠠᠷᠢᠨ ᠨᠢᠮᠪᠠᠶ ᠰᠤᠳᠤᠯᠵᠤ᠂ ᠥᠪᠡᠷ ᠤᠨ ᠪᠠᠶᠢᠴᠠᠭᠠᠯᠲᠠ ᠶᠢ ᠭᠦᠨᠵᠡᠭᠡᠶ ᠥᠷᠨᠢᠭᠦᠯᠦᠨ᠂ ᠪᠠᠭᠤᠷᠠᠶ ᠲᠠᠯ᠎ᠠ ᠪᠠᠨ ᠣᠨᠣᠪᠴᠢᠲᠠᠶ ᠡᠷᠢᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠰᠤᠳᠤᠯᠵᠤ᠂ ᠳᠤᠲᠠᠭᠳᠠᠯ ᠲᠠᠢ ᠲᠠᠯ᠎ᠠ ᠶᠢ ᠴᠠᠭ ᠲᠤᠬᠠᠶ ᠳᠤᠨᠢ ᠪᠠᠶᠢᠴᠠᠭᠠᠨ ᠨᠥᠬᠦᠪᠥᠷᠢᠯᠡᠬᠦ ᠬᠡᠷᠡᠭᠲᠡᠶ᠃ ᠡᠭᠦᠨ ᠤ ᠬᠠᠮᠲᠤ ᠳᠡᠭᠡᠳᠦ ᠱᠠᠲᠤᠨ ᠤ ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ ᠲᠤᠰᠬᠠᠭᠰᠠᠨ ᠠᠰᠠᠭᠤᠳᠠᠯ ᠤᠨ ᠨᠠᠷᠢᠨ ᠲᠠᠩᠰᠠ ᠶᠢᠨ ᠲᠣᠭᠤᠷᠢᠨ ᠳᠤ᠂ ᠲᠣᠭᠠᠯᠠᠨ ᠪᠦᠷᠢᠳᠬᠡᠵᠦ ᠳ᠋ᠤᠭᠠᠷᠯᠠᠯ ᠢ ᠬᠦᠴᠦᠨ ᠥᠬᠡᠶ ᠪᠣᠯᠭᠠᠬᠤ ᠶᠢ ᠬᠡᠷᠡᠭᠵᠢᠭᠦᠯᠵᠦ᠂ ︽ᠨᠢᠭᠡ ᠶᠢ ᠢᠯᠡᠷᠡᠭᠦᠯᠪᠡᠯ ᠨᠢᠭᠡ ᠶᠢ ᠪᠡᠶᠡᠯᠡᠭᠦᠯᠵᠦ᠂ ᠨᠢᠭᠡ ᠪᠠᠷᠢᠮᠵᠢᠶ᠎ᠠ ᠳᠤ ᠬᠦᠷᠦᠭᠦᠯᠬᠦ᠂ ᠨᠢᠭᠡ ᠳ᠋ᠤᠭᠠᠷᠯᠠᠯ ᠢ ᠬᠦᠴᠦᠨ ᠥᠬᠡᠶ ᠪᠣᠯᠭᠠᠬᠤ︾ ᠵᠠᠷᠴᠢᠮ ᠶᠣᠰᠣᠭᠠᠷ᠂  ᠵᠦᠢᠯ ᠳᠠᠷᠠᠭᠠᠯᠠᠨ ᠴᠡᠭᠴᠡᠯᠡᠨ  ᠰᠠᠶᠢᠵᠢᠷᠠᠭᠤᠯᠬᠤ ᠬᠡᠷᠡᠭᠲᠡᠢ᠃    ᠵᠠᠯᠭᠠᠭᠠᠳ  ᠰᠠᠯᠪᠤᠷᠢ ᠰᠢᠶᠠᠩ ᠨᠡᠩ ᠲᠣᠳᠣᠷᠬᠠᠢ ᠰᠡᠳᠬᠢᠴᠡ᠂ ᠨᠡᠩ ᠣᠨᠣᠪᠴᠢᠲᠠᠢ ᠠᠷᠭ᠎ᠠ  ᠬᠡᠮᠵᠢᠶ᠎ᠡ᠂ ᠨᠡᠩ ᠴᠢᠩᠭ᠎ᠠ ᠪᠣᠳᠠᠲᠠᠢ ᠰᠤᠷᠲᠠᠯ ᠢᠶᠠᠷ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠬᠦ᠂ ᠤᠯᠠᠨ ᠲᠦᠮᠡᠨ ᠢ ᠳᠤᠲᠠᠭᠤ ᠭᠦᠶᠦᠯᠭᠡᠬᠦ ᠶᠢ ᠦᠨᠡᠨᠬᠦ ᠪᠡᠶᠡᠯᠡᠭᠦᠯᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号