ᠰᠠᠯᠪᠤᠷᠢ ᠰᠢᠶᠠᠩ ᠣᠯᠠᠨ ᠠᠷᠭ᠎ᠠ ᠬᠡᠮᠵᠢᠶ᠎ᠡ ᠠᠪᠴᠤ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ
ᠨᠡᠶᠢᠲᠡᠯᠡᠭᠰᠡᠨ ᠴᠠᠭ᠄
2024/1/16
         ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠨᠠᠮᠳᠠᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠰᠠᠯᠪᠤᠷᠢ ᠰᠢᠶᠠᠩ ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ᠂ ᠡᠬᠢ ᠡᠭᠦᠰᠦᠯ ᠠᠴᠠ ᠨᠢ ᠵᠠᠰᠠᠬᠤ ᠶᠢ ᠪᠠᠷᠢᠮᠲᠠᠯᠠᠵᠤ᠂ ᠵᠥᠷᠢᠴᠡᠯ ᠵᠢᠭᠤᠷᠠᠯᠳᠤᠭᠠᠨ ᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠵᠢᠭᠰᠠᠭᠠᠨ ᠪᠠᠶᠢᠴᠠᠭᠠᠵᠤ ᠨᠠᠮᠳᠠᠭᠤᠯᠤᠨ᠂ ᠡᠷᠲᠡ ᠢᠯᠡᠷᠡᠭᠦᠯᠵᠦ᠂ ᠰᠠᠶᠢᠲᠤᠷ ᠰᠢᠢᠳᠪᠦᠷᠢᠯᠡᠬᠦ ᠶᠢ ᠪᠠᠲᠤᠯᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠪᠠ᠃    ᠣᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠵᠦ ᠵᠥᠷᠢᠴᠡᠯ ᠢ ᠵᠢᠭᠰᠠᠭᠠᠨ ᠪᠠᠶᠢᠴᠠᠭᠠᠬᠤ ᠳᠤ ᠠᠩᠬᠠᠷᠤᠯ ᠢᠶᠠᠨ ᠲᠥᠪᠯᠡᠷᠡᠭᠦᠯᠪᠡ᠃ ︽ᠡᠷᠲᠡ ᠠᠴᠠ ᠠᠳᠬᠤᠬᠤ᠂ ᠪᠠᠭ᠎ᠠ ᠠᠴᠠ ᠨᠢ ᠠᠳᠬᠤᠬᠤ︾ ᠵᠠᠷᠴᠢᠮ ᠶᠣᠰᠣᠭᠠᠷ᠂ ᠰᠦᠯᠵᠢᠶᠡᠨ ᠤ ᠠᠵᠢᠯᠲᠠᠨ᠂ ᠲᠣᠰᠬᠤᠨ ᠤ ᠠᠷᠠᠳ ᠤᠨ ᠳᠤᠭᠤᠶᠢᠯᠠᠩ ᠤᠨ ᠳᠠᠷᠤᠭ᠎ᠠ ᠶᠢᠨ ᠳᠤᠭᠤᠶᠢᠯᠠᠩ ᠤᠨ ᠪᠠᠶᠢᠳᠠᠯ ᠠᠷᠠᠳ ᠤᠨ ᠪᠠᠶᠢᠳᠠᠯ ᠢ ᠰᠠᠶᠢᠨ ᠣᠶᠢᠯᠠᠭᠠᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠴᠤᠭᠯᠠᠭᠤᠯᠬᠤ ᠶᠢ ᠡᠳᠦᠷ ᠲᠤᠳᠤᠮ ᠤᠨ ᠠᠵᠢᠯ ᠤᠨ ᠠᠭᠤᠯᠭ᠎ᠠ ᠪᠣᠯᠭᠠᠬᠤ ᠬᠡᠷᠡᠭᠲᠡᠢ᠃ ᠡᠭᠦᠨ ᠤ ᠬᠠᠮᠲᠤ᠂ ᠰᠢᠶᠠᠩ ᠤᠨ ᠠᠮᠤᠷ ᠲᠦᠪᠰᠢᠨ ᠤ ᠠᠯᠪᠠᠨ ᠭᠡᠷ ᠪᠣᠯᠤᠨ ᠲᠣᠮᠢᠯᠠᠭᠰᠠᠨ ᠰᠠᠯᠪᠤᠷᠢ ᠵᠥᠷᠢᠴᠡᠯ ᠵᠢᠭᠤᠷᠠᠯᠳᠤᠭᠠᠨ ᠢ ᠶᠡᠬᠡᠪᠡᠷ ᠵᠢᠭᠰᠠᠭᠠᠨ ᠪᠠᠶᠢᠴᠠᠭᠠᠬᠤ᠂ ᠶᠡᠬᠡᠪᠡᠷ ᠠᠷᠢᠯᠭᠠᠬᠤ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠭᠡᠷ ᠪᠦᠯᠢ ᠶᠢᠨ ᠵᠥᠷᠢᠴᠡᠯ᠂ ᠬᠥᠷᠰᠢ ᠵᠡᠷᠭᠡᠯᠡᠳᠡᠭᠡ ᠶᠢᠨ ᠬᠠᠷᠢᠴᠠᠭ᠎ᠠ᠂ ᠭᠠᠵᠠᠷ ᠰᠢᠷᠣᠶ ᠶᠢᠨ ᠵᠢᠭᠤᠷᠠᠯᠳᠤᠭᠠᠨ ᠵᠡᠷᠭᠡ ᠪᠠᠶᠢᠩᠭᠤ ᠲᠣᠬᠢᠶᠠᠯᠳᠤᠳᠠᠭ ᠴᠢᠨᠠᠷ ᠪᠣᠯᠤᠨ ᠭᠤᠤᠯᠳᠠᠯᠭ᠎ᠠ ᠲᠠᠢ ᠬᠦᠷᠢᠶᠡᠨ ᠤ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠵᠦ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ᠂ ᠬᠡᠷᠡᠭ ᠤᠨ ᠳᠠᠷᠠᠭ᠎ᠠ ᠡᠶᠡᠳᠡᠭᠦᠯᠦᠨ ᠰᠢᠢᠳᠪᠦᠷᠢᠯᠡᠬᠦ ᠶᠢ ᠤᠷᠢᠳᠴᠢᠯᠠᠨ ᠰᠡᠷᠭᠡᠶᠢᠯᠡᠬᠦ ᠬᠡᠷᠡᠭᠲᠡᠶ᠃    ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠥᠬᠦ ᠬᠥᠮᠦᠰ ᠨᠠᠮᠳᠠᠭᠤᠯᠬᠤ ᠠᠵᠢᠯ ᠳᠤ ᠣᠷᠣᠯᠴᠠᠪᠠ᠃ ᠰᠢᠶᠠᠩ ᠤᠨ ᠠᠮᠤᠷ ᠲᠦᠪᠰᠢᠨ ᠤ ᠠᠯᠪᠠᠨ ᠭᠡᠷ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠲᠣᠭᠲᠠᠴᠠ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠤᠳᠤᠷᠢᠳᠬᠤ ᠺᠠᠳ᠋ᠷ ᠤᠨ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠳᠣᠷᠣᠭᠰᠢ ᠪᠠᠭᠤᠵᠤ ᠰᠤᠷᠪᠤᠯᠵᠢᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠩᠬᠠᠨ ᠤ ᠵᠠᠬᠢᠳᠠᠯ ᠠᠩᠬᠠᠨ ᠤ ᠰᠤᠷᠪᠤᠯᠵᠢᠯᠠᠭ᠎ᠠ ᠶᠢ ᠴᠢᠬᠤᠯᠠᠴᠢᠯᠠᠵᠤ᠂ ᠴᠠᠭ ᠲᠤᠬᠠᠶ ᠳᠤᠨᠢ ᠰᠢᠢᠳᠪᠦᠷᠢᠯᠡᠭᠰᠡᠨ ᠦᠭᠡᠢ ᠠᠴᠠ ᠪᠣᠯᠵᠤ ᠵᠥᠷᠢᠴᠡᠯ ᠢ ᠬᠤᠷᠴᠠᠳᠬᠤ ᠶᠢ ᠰᠡᠷᠭᠡᠶᠢᠯᠡᠬᠦ ᠬᠡᠷᠡᠭᠲᠡᠶ᠃ ᠡᠭᠦᠨ ᠤ ᠬᠠᠮᠲᠤ᠂ ᠵᠥᠷᠢᠴᠡᠯ ᠵᠢᠭᠤᠷᠠᠯᠳᠤᠭᠠᠨ ᠤ ᠠᠳᠠᠯᠢ ᠪᠤᠰᠤ ᠣᠨᠴᠠᠯᠢᠭ ᠲᠤ ᠴᠢᠭᠯᠡᠭᠦᠯᠦᠨ᠂ ᠵᠠᠩᠭᠢᠯᠠᠭ᠎ᠠ ᠶᠢ ᠨᠢ ᠣᠨᠣᠪᠴᠢᠲᠠᠶ ᠡᠷᠢᠵᠦ᠂ ᠬᠡᠷᠡᠭ ᠤᠨ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠰᠢᠶᠠᠩ ᠤᠨ ᠪᠠᠶᠢᠳᠠᠯ ᠢ ᠨᠠᠮᠳᠠᠭᠤᠯᠬᠤ᠂ ᠠᠷᠠᠳ ᠤᠨ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠵᠡᠷᠭᠡ ᠠᠷᠭ᠎ᠠ ᠮᠠᠶ᠋ᠢᠭ ᠢ ᠨᠢᠭᠡᠳᠦᠯᠲᠡᠶ ᠲᠥᠯᠥᠪᠯᠡᠨ ᠬᠡᠷᠡᠭᠯᠡᠵᠦ᠂ ᠵᠥᠷᠢᠴᠡᠯ ᠵᠢᠭᠤᠷᠠᠯᠳᠤᠭᠠᠨ ᠢ ᠨᠢᠭᠡ ᠨᠢᠭᠡ ᠪᠠᠷ ᠰᠢᠢᠳᠪᠦᠷᠢᠯᠡᠬᠦ ᠶᠢ ᠦᠨᠡᠨ ᠬᠦ ᠠᠬᠢᠭᠤᠯᠵᠤ᠂ ᠪᠠᠭ᠎ᠠ ᠵᠥᠷᠢᠴᠡᠯ ᠢ ᠲᠣᠰᠬᠤᠨ ᠠᠴᠠ ᠭᠠᠷᠭᠠᠬᠤ ᠦᠭᠡᠢ᠂ ᠶᠡᠭᠡ ᠵᠥᠷᠢᠴᠡᠯ ᠢ ᠰᠢᠶᠠᠩ ᠠᠴᠠ ᠭᠠᠷᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃    ᠣᠯᠠᠨ ᠡᠰᠢᠲᠦ ᠤᠬᠠᠭᠤᠯᠭ᠎ᠠ ᠬᠠᠤᠯᠢ ᠪᠠᠷ ᠵᠠᠰᠠᠬᠤ ᠤᠬᠠᠮᠰᠠᠷ ᠢ ᠳᠡᠭᠡᠭᠰᠢᠯᠡᠭᠦᠯᠪᠡ᠃ ᠬᠠᠤᠯᠢ ᠪᠠᠷ ᠵᠠᠰᠠᠬᠤ ᠤᠬᠠᠭᠤᠯᠭ᠎ᠠ ᠬᠢᠭᠡᠳ ᠵᠥᠷᠢᠴᠡᠯ ᠢ ᠨᠠᠮᠳᠠᠭᠤᠯᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠵᠥᠷᠢᠴᠡᠯ ᠢ ᠠᠷᠢᠯᠭᠠᠬᠤ ᠶᠢᠨ ᠬᠠᠮᠲᠤ ᠣᠯᠠᠨ ᠲᠦᠮᠡᠨ ᠳᠤ ᠬᠠᠤᠯᠢ ᠴᠠᠭᠠᠵᠠ ᠬᠠᠤᠯᠢ ᠲᠣᠭᠲᠠᠭᠠᠯ ᠢ ᠢᠳᠡᠪᠬᠢᠲᠡᠶ ᠤᠬᠠᠭᠤᠯᠬᠤ ᠬᠡᠷᠡᠭᠲᠡᠶ᠃ ᠡᠭᠦᠨ ᠤ ᠬᠠᠮᠲᠤ᠂ ᠡᠯᠧᠺᠲᠷᠣᠨ ᠳᠡᠯᠭᠡᠴᠡ᠂ ᠲᠣᠰᠬᠤᠨ ᠤ ᠷᠠᠳᠢᠣ᠋ ᠨᠡᠪᠲᠡᠷᠡᠭᠦᠯᠭᠡ᠂ ᠤᠬᠠᠭᠤᠯᠭ᠎ᠠ ᠶᠢᠨ ᠲᠡᠷᠭᠡ᠂ ᠸᠢᠴᠠᠲ ᠤᠨ ᠴᠤᠭᠯᠠᠷᠠᠯ ᠵᠡᠷᠭᠡ ᠤᠬᠠᠭᠤᠯᠭ᠎ᠠ ᠶᠢᠨ ᠠᠷᠭ᠎ᠠ ᠮᠠᠶ᠋ᠢᠭ ᠢ  ᠭᠦᠢᠴᠡᠳ ᠠᠰᠢᠭᠯᠠᠨ᠂ ᠣᠯᠠᠨ ᠲᠦᠮᠡᠨ ᠳᠤ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠣᠯᠠᠨ ᠲᠦᠮᠡᠨ ᠢ ᠵᠥᠪ ᠢᠶᠠᠷ ᠬᠥᠲᠥᠯᠦᠨ ᠵᠢᠯᠣᠭᠤᠳᠴᠤ ᠪᠠᠶᠢᠭᠠᠳ ᠬᠠᠤᠯᠢ ᠴᠠᠭᠠᠵᠠ ᠶᠢᠨ ᠵᠡᠪᠰᠡᠭ ᠢ ᠬᠡᠷᠡᠭᠯᠡᠨ᠂ ᠬᠠᠤᠯᠢ ᠶᠣᠰᠣᠨ ᠤ ᠠᠷᠭ᠎ᠠ ᠵᠠᠮ ᠢᠶᠠᠷ ᠵᠦᠶ ᠵᠣᠬᠢᠰᠲᠠᠶ ᠭᠤᠮᠣᠳᠠᠯ ᠱᠠᠭᠠᠷᠳᠠᠯᠭ᠎ᠠ ᠪᠠᠨ ᠢᠯᠡᠳᠬᠡᠵᠦ᠂ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠵᠦ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠡᠭᠦᠰᠬᠦ ᠶᠢ ᠡᠬᠢ ᠡᠭᠦᠰᠦᠯ ᠠᠴᠠ ᠨᠢ ᠬᠤᠷᠢᠭᠯᠠᠬᠤ ᠪᠠᠷ ᠴᠢᠷᠮᠠᠶᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号