ᠠᠤᠬᠠᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠮᠤ ᠪᠤᠳᠠᠭᠠᠨ ᠤ ᠠᠵᠤ ᠠᠬᠤᠶᠢᠯᠠᠯ ᠤᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ  ᠴᠢᠩᠭᠠᠳᠬᠠᠨ᠎ᠠ
ᠨᠡᠶᠢᠲᠡᠯᠡᠭᠰᠡᠨ ᠴᠠᠭ᠄
2024/1/16
    ᠠᠤᠬᠠᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠮᠤ ᠪᠤᠳᠠᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠮᠡᠳᠡᠭᠡ ᠵᠠᠩᠭᠢ ᠶᠢᠨ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠬᠦ ᠪᠠᠷ ᠭᠤᠤᠯᠳᠠᠯᠭ᠎ᠠ ᠪᠣᠯᠭᠠᠵᠤ᠂ ᠠᠮᠤ ᠪᠤᠳᠠᠭᠠᠨ ᠤ ᠠᠵᠢᠯ ᠲᠥᠷᠥᠯ ᠤᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳ ᠪᠠᠳᠠᠷᠠᠭᠤᠯᠤᠨ᠂ ᠠᠮᠤ ᠪᠤᠳᠠᠭᠠᠨ ᠤ ᠠᠵᠤ ᠠᠬᠤᠶᠢᠯᠠᠯ ᠤᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠴᠢᠩᠭᠠᠳᠬᠠᠨ᠎ᠠ᠃ ᠣᠳᠣᠬᠠᠨ ᠳᠤ᠂ 2023 ᠣᠨ ᠤ ᠠᠮᠤ ᠪᠤᠳᠠᠭᠠᠨ ᠤ ᠠᠵᠤ ᠠᠬᠤᠶᠢᠯᠠᠯ ᠤᠨ ᠢᠲᠡᠭᠡᠮᠵᠢ ᠶᠢᠨ ᠦᠨᠡᠯᠡᠯᠲᠡ ᠶᠢᠨ ᠠᠵᠢᠯ ᠨᠢᠭᠡᠨᠲᠡ ᠳᠠᠭᠤᠰᠴᠤ᠂ ᠠᠮᠤ ᠪᠤᠳᠠᠭᠠᠨ ᠤ ᠠᠵᠤ ᠠᠬᠤᠶᠢᠯᠠᠯ ᠤᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠳᠤ ᠨᠢᠭᠡᠨᠲᠡ ᠬᠦᠴᠦᠨ ᠥᠬᠡᠶ ᠪᠣᠯᠭᠠᠵᠤ ᠪᠠᠶᠢᠭ᠎ᠠ ᠠᠷᠠᠳ ᠠᠴᠠ ᠡᠵᠡᠩᠨᠡᠭᠰᠡᠨ ᠠᠮᠤ ᠪᠤᠳᠠᠭᠠᠨ ᠤ ᠠᠵᠤ ᠠᠬᠤᠶᠢᠯᠠᠯ 4 ᠪᠠᠶᠢᠵᠤ᠂ ᠶᠠᠭ ᠦᠢᠯᠡᠳᠪᠦᠷᠢᠯᠡᠵᠦ ᠪᠠᠶᠢᠭ᠎ᠠ 55 ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠢᠲᠡᠭᠡᠮᠵᠢ ᠶᠢᠨ ᠳᠡᠰ ᠲᠤ ᠦᠨᠡᠯᠡᠯᠲᠡ ᠬᠢᠵᠦ ᠰᠢᠨᠡᠳᠬᠡᠪᠡ᠃ ᠡᠭᠦᠨ ᠳᠤ ᠂ ᠢᠲᠡᠭᠡᠮᠵᠢ ᠶᠢᠨ ᠦᠨᠡᠯᠡᠯᠲᠡ ᠶᠢᠨ A  ᠳᠡᠰ ᠤᠨ ᠠᠮᠤ ᠪᠤᠳᠠᠭᠠᠨ ᠤ ᠠᠵᠤ ᠠᠬᠤᠶᠢᠯᠠᠯ 32 ᠪᠠᠶᠢᠵᠤ᠂ ᠢᠲᠡᠭᠡᠮᠵᠢ ᠶᠢᠨ ᠦᠨᠡᠯᠡᠯᠲᠡ ᠶᠢᠨ B ᠳᠡᠰ ᠤᠨ ᠠᠮᠤ ᠪᠤᠳᠠᠭᠠᠨ ᠤ ᠠᠵᠤ ᠠᠬᠤᠶᠢᠯᠠᠯ 23 ᠪᠠᠶᠢᠨ᠎ᠠ᠃    ᠲᠠᠷᠠᠭᠠᠴᠢ ᠶᠢᠨ ᠠᠯᠬᠤᠮ ᠳᠤ᠂ ᠠᠣᠬᠠᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠮᠤ ᠪᠤᠳᠠᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠮᠤ ᠪᠤᠳᠠᠭᠠᠨ ᠤ ᠠᠵᠤ ᠠᠬᠤᠶᠢᠯᠠᠯ ᠤᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠠᠬᠢᠭᠤᠯᠵᠤ᠂ ︽ᠠᠮᠤ ᠪᠤᠳᠠᠭᠠᠨ ᠤ ᠠᠵᠤ ᠠᠬᠤᠶᠢᠯᠠᠯ ᠤᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠣᠬᠠᠨ ᠬᠤᠰᠢᠭᠤᠨ ᠳᠣᠲᠣᠷᠠᠬᠢ ᠠᠮᠤ ᠪᠤᠳᠠᠭᠠᠨ ᠤ ᠠᠵᠤ ᠠᠬᠤᠶᠢᠯᠠᠯ ᠤᠨ ᠪᠣᠳᠠᠲᠠᠶ ᠡᠵᠡᠩᠨᠡᠯᠲᠡ ᠶᠢᠨ ᠪᠠᠶᠢᠳᠠᠯ ᠢ ᠬᠢᠨᠠᠨ ᠬᠠᠮᠢᠶᠠᠷᠴᠤ᠂ ᠢᠲᠡᠭᠡᠮᠵᠢ ᠶᠢᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠰᠢᠨᠡᠳᠬᠡᠵᠦ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号