ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠡᠳ᠋ ᠤᠨ ᠵᠠᠰᠠᠭ ᠤᠨ ᠬᠢᠨᠠᠨ ᠲᠣᠭᠲᠠᠭᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠪᠠ
ᠨᠡᠶᠢᠲᠡᠯᠡᠭᠰᠡᠨ ᠴᠠᠭ᠄
2024/1/16
     2023 ᠣᠨ ᠳᠤ᠂ ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠡᠳ᠋ ᠤᠨ ᠵᠠᠰᠠᠭ ᠤᠨ ᠪᠠᠯᠠ ᠣᠷᠣᠭᠤᠯᠤᠯᠲᠠ ᠶᠢ ᠬᠢᠨᠠᠨ ᠲᠣᠭᠲᠠᠭᠠᠬᠤ ᠠᠵᠢᠯ ᠨᠢ ᠡᠳ᠋ ᠤᠨ ᠵᠠᠰᠠᠭ ᠤᠨ ᠬᠢᠨᠠᠨ ᠲᠣᠭᠲᠠᠭᠠᠬᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠬᠢᠨᠠᠨ ᠲᠣᠭᠲᠠᠭᠠᠬᠤ ᠲᠠᠰ ᠳᠠᠷᠠᠭᠠᠯᠠᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠡᠳ᠋ ᠤᠨ ᠵᠠᠰᠠᠭ ᠤᠨ ᠬᠢᠨᠠᠨ ᠲᠣᠭᠲᠠᠭᠠᠬᠤ ᠶᠠᠰᠤ ᠴᠢᠨᠠᠷ ᠪᠠ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃    ᠨᠢᠭᠡ ᠳᠤ᠂ ︽ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠬᠢᠨᠠᠨ ᠲᠣᠭᠲᠠᠭᠠᠬᠤ ᠲᠤᠬᠠᠶᠢᠯᠠᠭᠰᠠᠨ ᠠᠵᠢᠯ ᠢ ᠰᠣᠩᠭᠤᠨ ᠬᠤᠪᠢᠶᠠᠷᠢᠯᠠᠬᠤ ᠠᠵᠢᠯ ᠤᠨ ᠲᠦᠷᠢᠮ︾ ︽ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠬᠢᠨᠠᠨ ᠲᠣᠭᠲᠠᠭᠠᠬᠤ ᠵᠠᠭᠤᠴᠢ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠵᠤ᠂ ᠡᠳ᠋ ᠤᠨ ᠵᠠᠰᠠᠭ ᠤᠨ ᠬᠢᠨᠠᠨ ᠲᠣᠭᠲᠠᠭᠠᠬᠤ ᠵᠠᠭᠤᠴᠢ ᠪᠠᠶᠢᠭᠤᠯᠤᠮᠵᠢ ᠶᠢ ᠰᠣᠩᠭᠤᠨ ᠬᠡᠷᠡᠭᠯᠡᠬᠦ᠂ ᠬᠤᠪᠢᠶᠠᠷᠢᠯᠠᠬᠤ᠂ ᠬᠠᠮᠢᠶᠠᠷᠬᠤ ᠵᠢᠴᠢ ᠳᠠᠩᠰᠠᠯᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠪᠠ᠃ 2023 ᠣᠨ ᠤ ᠡᠳ᠋ ᠤᠨ ᠵᠠᠰᠠᠭ ᠤᠨ ᠬᠢᠨᠠᠨ ᠲᠣᠭᠲᠠᠭᠠᠬᠤ ᠲᠤᠬᠠᠶᠢᠯᠠᠭᠰᠠᠨ ᠠᠵᠢᠯ ᠢ ᠴᠥᠮ ᠤᠯᠠᠭᠠᠨᠬᠠᠳᠠ ᠬᠤᠲᠠ ᠶᠢᠨ ᠵᠠᠭᠤᠴᠢ ᠦᠢᠯᠡᠴᠢᠯᠡᠭᠡᠨ ᠤ ᠬᠡᠲᠦ ᠳᠡᠯᠭᠡᠭᠦᠷ ᠢᠶᠠᠷ ᠳᠠᠮᠵᠢᠭᠤᠯᠤᠨ ᠲᠦᠷᠢᠮ ᠲᠣᠭᠲᠠᠭᠠᠯ ᠶᠣᠰᠣᠭᠠᠷ ᠵᠠᠭᠤᠴᠢ ᠪᠠᠶᠢᠭᠤᠯᠤᠮᠵᠢ ᠶᠢ ᠰᠣᠩᠭᠤᠨ ᠨᠠᠶᠢᠳᠠᠨ ᠬᠢᠨᠠᠨ ᠲᠣᠭᠲᠠᠭᠠᠯᠭᠠᠵᠤ᠂ ᠵᠠᠭᠤᠴᠢ ᠪᠠᠶᠢᠭᠤᠯᠤᠮᠵᠢ ᠶᠢᠨ ᠵᠦᠶ ᠪᠤᠰᠤ ᠠᠰᠢᠭ ᠲᠤᠰᠠ ᠤᠯᠬᠤ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠰᠠᠮᠠᠭᠤᠷᠠᠭᠤᠯᠬᠤ ᠦᠢᠯᠡ ᠠᠵᠢᠯᠯᠠᠭ᠎ᠠ ᠠᠴᠠ ᠪᠦᠲᠦᠮᠵᠢᠲᠡᠶ ᠪᠠᠷ ᠵᠠᠶᠢᠯᠠᠰᠬᠢᠵᠡᠶ᠃    ᠬᠤᠶᠠᠷ ᠲᠤ᠂ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠲᠣᠰ ᠪᠡᠶ᠎ᠡ ᠶᠢᠨ ᠣᠪᠣᠷ ᠰᠤᠷᠲᠠᠯ ᠤᠨ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠦᠨ᠂ ︽ᠬᠢᠨᠠᠨ ᠲᠣᠭᠲᠠᠭᠠᠬᠤ ᠪᠣᠯ ᠳᠠᠷᠤᠶ  ᠦᠢᠯᠡᠴᠢᠯᠡᠭᠡ ᠮᠥᠨ︾ ᠭᠡᠬᠦ ᠦᠵᠡᠯ ᠤᠬᠠᠮᠰᠠᠷ ᠢ ᠪᠠᠷᠢᠮᠲᠠᠯᠠᠵᠤ᠂ ᠡᠳ᠋ ᠤᠨ ᠵᠠᠰᠠᠭ ᠤᠨ ᠬᠢᠨᠠᠨ ᠲᠣᠭᠲᠠᠭᠠᠬᠤ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠤᠨ᠂ ᠡᠳ᠋ ᠤᠨ ᠵᠠᠰᠠᠭ ᠤᠨ ᠪᠠᠯᠠ ᠣᠷᠣᠭᠤᠯᠤᠯᠲᠠ ᠶᠢᠨ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠨ᠎ᠠ᠃ 2023 ᠣᠨ ᠳᠤ᠂ ᠪᠦᠭᠦ ᠬᠤᠰᠢᠭᠤᠨ ᠤ ᠲᠥᠰᠦᠪ ᠤᠨ ᠬᠢᠨᠠᠨ  ᠳᠣᠭᠲᠠᠭᠠᠯᠲᠠ ᠳᠤ ᠨᠡᠶᠢᠲᠡ 848 ᠲᠦᠷᠤᠯ ᠵᠦᠢᠯ ᠤᠨ ᠪᠠᠯᠠ ᠮᠥᠩᠭᠦ ᠶᠢ ᠬᠢᠨᠠᠨ ᠳᠣᠭᠲᠠᠭᠠᠵᠤ᠂  ᠬᠦᠷᠭᠡᠨ ᠬᠢᠨᠠᠭᠤᠯᠤᠭᠰᠠᠨ ᠪᠠᠯᠠ ᠮᠥᠩᠭᠦ 117876 ᠲᠦᠮᠡᠨ ᠲᠥᠭᠦᠷᠢᠭ᠂ ᠬᠢᠨᠠᠨ ᠳᠣᠭᠲᠠᠭᠠᠭᠰᠠᠨ ᠪᠠᠯᠠ ᠮᠥᠩᠭᠦ 104426 ᠲᠦᠮᠡᠨ ᠲᠥᠭᠦᠷᠢᠭ᠂ ᠬᠢᠨᠠᠨ ᠬᠠᠰᠤᠭᠰᠠᠨ ᠪᠠᠯᠠ ᠮᠥᠩᠭᠦ 13450 ᠲᠦᠮᠡᠨ ᠲᠥᠭᠦᠷᠢᠭ᠂ ᠬᠢᠨᠠᠨ ᠬᠠᠰᠤᠭᠰᠠᠨ ᠨᠤᠷᠮ᠎ᠠ 11.41% ᠪᠣᠯᠤᠨ᠎ᠠ᠃ ᠳ᠋ᠦᠩᠨᠡᠨ ᠪᠤᠳᠤᠵᠤ ᠬᠢᠨᠠᠨ ᠳᠣᠭᠲᠠᠭᠠᠭᠰᠠᠨ ᠪᠡᠯᠡ ᠮᠥᠩᠬᠦ ᠨᠡᠶᠢᠲᠡ 15  ᠵᠦᠢᠯ ᠪᠠᠶᠢᠵᠤ᠂ ᠬᠦᠷᠭᠡᠵᠦ ᠬᠢᠨᠠᠭᠤᠯᠤᠭᠰᠠᠨ ᠪᠠᠯᠠ ᠮᠥᠩᠭᠦ 8628 ᠲᠦᠮᠡᠨ ᠲᠥᠭᠦᠷᠢᠭ᠂ ᠬᠢᠨᠠᠨ ᠳᠣᠭᠲᠠᠭᠠᠭᠰᠠᠨ ᠪᠠᠯᠠ ᠮᠥᠩᠭᠦ 8328 ᠲᠦᠮᠡᠨ ᠲᠥᠭᠦᠷᠢᠭ᠂ ᠬᠢᠨᠠᠨ  ᠬᠠᠰᠤᠭᠰᠠᠨ ᠪᠠᠯᠠ ᠮᠥᠩᠭᠦ 299 ᠲᠦᠮᠡᠨ ᠲᠥᠭᠦᠷᠢᠭ᠂ ᠬᠢᠨᠠᠨ ᠬᠠᠰᠤᠭᠰᠠᠨ ᠨᠣᠷᠮ᠎ᠠ 3.47% ᠪᠣᠯᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号