ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠠᠯᠪᠠᠨ ᠮᠡᠳᠡᠭᠡ | ︵2024 ᠣᠨ ᠤ 1 ᠰᠠᠷ᠎ᠠ ᠶᠢᠨ 10 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠦᠭᠦᠳᠡ | ᠬᠤᠷᠠᠯ ᠠᠴᠠ ᠪᠠᠲᠤᠯᠠᠪᠠ︶ | | | ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 10 ᠤ ᠴᠠᠭᠢᠯᠭᠠᠨ ᠮᠡᠳᠡᠭᠡ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ 2024 ᠣᠨ ᠤ 1 ᠰᠠᠷ᠎ᠠ ᠶᠢᠨ 8 ᠠᠴᠠ 10 ᠤ ᠡᠳᠦᠷ ᠪᠤᠯᠲᠠᠯ᠎ᠠ | ᠪᠡᠭᠡᠵᠢᠩ ᠳᠤ ᠬᠤᠷᠠᠯᠳᠤᠪᠠ᠃ ᠡᠨᠡ ᠤᠳᠠᠭ᠎ᠠ ᠶᠢᠨ ᠪᠦᠭᠦᠳᠡ ᠬᠤᠷᠠᠯ ᠳᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ᠭᠡᠰᠢᠭᠦᠨ 132 ᠬᠥᠮᠥᠨ ᠣᠷᠣᠯᠴᠠᠵᠤ᠂ 238 ᠬᠥᠮᠥᠨ ᠰᠤᠯᠠ ᠣᠷᠣᠯᠴᠠᠪᠠ᠃ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠦᠭᠦᠳᠡ ᠬᠤᠷᠠᠯ ᠳᠤ ᠣᠷᠣᠯᠴᠠᠬᠰᠠᠨ ᠪᠥᠭᠡᠳ ᠴᠢᠬᠤᠯᠠ | ᠶᠠᠷᠢᠶ᠎ᠠ ᠲᠠᠯᠪᠢᠵᠠᠢ᠃ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ | ᠰᠢ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠬᠤᠷᠠᠯ ᠳᠤ ᠣᠷᠣᠯᠴᠠᠪᠠ᠃ | ᠪᠦᠭᠦᠳᠡ ᠬᠤᠷᠠᠯ ᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ | ᠡᠷᠭᠢᠯᠡᠪᠡ᠃ ᠪᠦᠭᠦᠳᠡ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2023 ᠣᠨ ᠤ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠡᠷᠭᠢᠴᠡᠭᠦᠯᠵᠦ᠂ 2024 ᠣᠨ ᠤ ᠡᠭᠦᠷᠭᠡ ᠶᠢ | ᠪᠠᠶᠢᠷᠢᠯᠠᠭᠤᠯᠵᠤ᠂ ᠯᠢ ᠰᠢ ᠨᠥᠬᠦᠷ ᠤᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠶᠢ ᠲᠥᠯᠥᠭᠡᠯᠡᠨ ᠬᠢᠭᠰᠡᠨ ︽ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ | ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠰᠢᠨ᠎ᠡ | ᠠᠶᠠᠨ ᠳᠠᠬᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ | ᠭᠦᠨᠵᠡᠭᠡᠶᠢᠷᠡᠭᠦᠯᠦᠨ ᠠᠬᠢᠭᠤᠯᠤᠶ᠎ᠠ︾ ᠭᠡᠬᠦ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ᠃ | ᠪᠦᠭᠦᠳᠡ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠨᠠᠷᠢᠨ ᠬᠢᠨᠠᠮᠠᠭᠠᠢ | ᠰᠤᠷᠤᠯᠴᠠᠵᠤ᠂ ᠭᠦᠨᠵᠡᠭᠡᠢ ᠣᠶᠢᠯᠠᠭᠠᠪᠠ᠃ ᠶᠠᠷᠢᠶ᠎ᠠ ᠨᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠦᠭᠦ ᠲᠠᠯ᠎ᠠ ᠪᠣᠯᠣᠨ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ | ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠬᠦ ᠥᠨᠳᠥᠷᠴᠡ ᠠᠴᠠ᠂ ᠨᠠᠮ ᠤᠨ ᠥᠪᠡᠷ ᠪᠡᠶ᠎ᠡ ᠶᠢᠨ | ᠬᠤᠪᠢᠰᠬᠠᠯ ᠤᠨ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠨᠠᠮ ᠤᠨ ᠥᠪᠡᠷ | ᠪᠡᠶ᠎ᠡ ᠶᠢᠨ ᠬᠤᠪᠢᠰᠬᠠᠯ ᠤᠨ ᠲᠤᠬᠠᠢ ᠭᠤᠷᠪᠠᠨ ᠴᠢᠬᠤᠯᠠ ᠶᠡᠭᠡ ᠠᠰᠠᠭᠤᠳᠠᠯ ᠳᠤ ᠰᠢᠨᠵᠢᠯᠡᠬᠦ ᠤᠬᠠᠭᠠᠨᠴᠢ ᠬᠠᠷᠢᠭᠤᠯᠲᠠ | ᠥᠭᠴᠦ᠂ ᠥᠪᠡᠷ ᠪᠡᠶ᠎ᠡ ᠶᠢᠨ ᠬᠤᠪᠢᠰᠬᠠᠯ ᠢ ᠠᠬᠢᠭᠤᠯᠬᠤ ︽ᠶᠢᠰᠦᠨ︾ ᠦᠢᠯᠡᠳᠦᠯᠭᠡ ᠶᠢᠨ ᠱᠠᠭᠠᠷᠳᠠᠯᠭ᠎ᠠ ᠶᠢ | ᠲᠣᠳᠣᠷᠬᠠᠢ ᠳᠤᠷᠠᠳᠴᠤ᠂ ᠢᠯᠵᠠᠷᠠᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠬᠦᠴᠦᠯᠡᠵᠦ᠂ ᠭᠦᠨᠵᠡᠭᠡᠶᠢᠷᠡᠭᠦᠯᠦᠨ | ᠠᠬᠢᠭᠤᠯᠬᠤ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠺᠠᠳ᠋ᠷ ᠤᠨ ᠡᠩᠨᠡᠭᠡ ᠳᠤ ᠨᠠᠨᠳᠢᠨ ᠬᠦᠰᠡᠯ ᠲᠠᠯᠪᠢᠵᠤ᠂ ᠲᠣᠳᠣᠷᠬᠠᠢ ᠱᠠᠭᠠᠷᠳᠠᠯᠭ᠎ᠠ ᠳᠤᠷᠠᠳᠴᠤ᠂ | ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠬᠠᠷᠠᠭ᠎ᠠ ᠥᠷᠭᠡᠨ᠂ ᠦᠵᠡᠯ ᠰᠠᠨᠠᠭ᠎ᠠ ᠭᠦᠨ ᠭᠦᠨᠵᠡᠭᠡᠢ᠂ | ᠠᠭᠤᠯᠤᠭᠳᠠᠬᠤᠨ ᠪᠠᠶᠠᠯᠢᠭ ᠪᠠᠶᠢᠵᠤ᠂ ᠮᠠᠨ ᠤ ᠨᠠᠮ ᠤᠨ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ | ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠭᠦ ᠳᠡᠭᠡᠳᠦ ᠬᠡᠮᠵᠢᠶᠡᠨ ᠤ | ᠤᠬᠠᠮᠰᠠᠷ ᠢ ᠭᠦᠢᠴᠡᠳ ᠢᠯᠡᠷᠡᠭᠦᠯᠪᠡ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ | ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠨᠢ ᠰᠢᠨ᠎ᠡ ᠴᠠᠭ ᠦᠶ᠎ᠡ ᠶᠢᠨ ᠪᠦᠭᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠡᠯᠪᠡᠭ ᠪᠠᠶᠠᠯᠢᠭ ᠦᠢᠯᠡᠳᠦᠯᠭᠡ ᠶᠢᠨ ᠲᠤᠷᠰᠢᠯᠭ᠎ᠠ ᠪᠣᠯᠣᠨ ᠴᠢᠬᠤᠯᠠ ᠤᠨᠤᠯ ᠤᠨ ᠦᠷ᠎ᠡ ᠪᠦᠲᠦᠭᠡᠯ ᠢ | ᠨᠢᠭᠲᠠᠷᠠᠭᠤᠯᠵᠤ᠂ ᠪᠦᠭᠦ ᠨᠠᠮ ᠤᠨ ᠳᠡᠭᠡᠳᠦ ᠬᠡᠮᠵᠢᠶᠡᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠰᠢᠨ᠎ᠡ ᠴᠠᠭ | ᠦᠶ᠎ᠡ ᠰᠢᠨ᠎ᠡ ᠠᠶᠠᠨ ᠳᠤ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠳᠤ ᠦᠨᠳᠦᠰᠦᠨ ᠵᠢᠷᠤᠮᠯᠠᠯ | ᠬᠠᠩᠭᠠᠵᠤ᠂ ᠰᠢᠨ᠎ᠡ ᠠᠶᠠᠨ ᠳᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ | ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠣᠯᠣᠨ ᠰᠢᠨᠵᠢᠯᠡᠬᠦ ᠤᠬᠠᠭᠠᠨᠴᠢ ᠠᠵᠢᠯᠯᠠᠭᠠᠨ ᠤ ᠵᠦᠭᠯᠡᠭᠦᠷ | ᠬᠠᠩᠭᠠᠪᠠ ᠭᠡᠵᠦ ᠰᠠᠨᠠᠯ ᠨᠢᠭᠡᠲᠡᠢ ᠦᠵᠡᠵᠡᠭᠡᠪᠡ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠭᠤᠶᠢᠪᠢᠰᠢ ᠦᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ | ᠤᠬᠠᠮᠰᠠᠷ ᠢᠶᠠᠨ ᠴᠢᠩᠭᠠᠳᠬᠠᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ | ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠲᠠᠢ ᠦᠨᠡᠨ ᠬᠦ | ᠨᠢᠭᠡᠳᠬᠡᠵᠦ᠂ ᠰᠢᠨ᠎ᠡ ᠠᠶᠠᠨ ᠳᠤ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠨᠠᠮ ᠤᠨ ᠥᠪᠡᠷ | ᠪᠡᠶ᠎ᠡ ᠶᠢᠨ ᠬᠤᠪᠢᠰᠬᠠᠯ ᠤᠨ ᠰᠢᠨ᠎ᠡ ᠪᠠᠶᠢᠳᠠᠯ ᠢ ᠨᠡᠭᠡᠭᠡᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠨ᠎ᠠ ᠭᠡᠵᠦ | ᠰᠠᠨᠠᠯ ᠨᠢᠭᠡᠲᠡᠢ ᠢᠯᠡᠳᠬᠡᠵᠡᠭᠡᠪᠡ᠃ | ᠪᠦᠭᠦᠳᠡ ᠬᠤᠷᠠᠯ ᠠᠴᠠ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠬᠤ ᠡᠭᠢᠯᠡᠯᠲᠡ ᠶᠢᠨ ᠵᠢᠯ ᠮᠥᠨ᠂ ᠮᠥᠨ ᠴᠤ ᠭᠤᠷᠪᠠᠨ ᠵᠢᠯ ᠤᠨ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠲᠤ | ᠦᠶ᠎ᠡ ᠰᠢᠯᠵᠢᠭᠦᠯᠦᠭᠰᠡᠨ ᠤ ᠳᠠᠷᠠᠭᠠᠬᠢ ᠠᠵᠤ ᠠᠬᠤᠢ ᠰᠡᠷᠭᠦᠨ ᠬᠥᠭᠵᠢᠭᠰᠡᠨ ᠨᠢᠭᠡ ᠵᠢᠯ ᠮᠥᠨ᠃ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠦᠴᠢᠷ ᠢ ᠲᠤᠭᠤᠯᠤᠨ | ᠪᠡᠷᠬᠡ ᠶᠢ ᠳᠠᠪᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠵᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠨᠡᠷᠡᠮᠵᠢᠲᠦ ᠲᠣᠮᠣ ᠬᠥᠯᠭᠡ ᠣᠩᠭᠤᠴᠠ ᠶᠢ | ᠵᠢᠯᠣᠭᠤᠳᠤᠨ ᠳᠠᠪᠠᠯᠭᠠᠨ ᠢ ᠵᠦᠰᠦᠨ ᠤᠷᠤᠭᠰᠢᠯᠠᠪᠠ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠤᠯᠤᠰ ᠤᠨ ᠬᠢᠨᠠᠨ ᠪᠠᠶᠢᠴᠠᠭᠠᠬᠤ ᠵᠥᠪᠯᠡᠯ ᠪᠣᠯᠣᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠭ᠎ᠠ ᠶᠡᠷᠦᠩᠬᠡᠢ ᠱᠦᠵᠢ ᠰᠢ ᠶᠢᠨ ᠫᠢᠩ ᠤᠨ ︽ᠰᠢᠨ᠎ᠡ ᠤᠳᠤᠷᠢᠳᠬᠤ ᠪᠠᠭ᠂ ᠰᠢᠨ᠎ᠡ ᠳᠦᠷᠢ | ᠲᠥᠷᠬᠦ᠂ ᠰᠢᠨ᠎ᠡ ᠪᠠᠶᠢᠳᠠᠯ᠂ ᠰᠢᠨ᠎ᠡ ᠠᠮᠵᠢᠯᠲᠠ ᠪᠦᠲᠦᠮᠵᠢ︾ ᠶᠢᠨ ᠲᠤᠬᠠᠢ ᠬᠦᠰᠡᠯ ᠡᠷᠡᠮᠡᠯᠵᠡᠯ ᠱᠠᠭᠠᠷᠳᠠᠯᠭ᠎ᠠ ᠶᠢ | ᠪᠠᠲᠤ ᠴᠡᠭᠡᠵᠢᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠬᠤ ᠪᠠᠷ ᠭᠤᠣᠯ ᠰᠢᠵᠢᠮ ᠪᠤᠯᠭᠠᠵᠤ᠂ ᠪᠦᠭᠦ ᠨᠠᠮ ᠢᠶᠠᠷ ᠢᠶᠠᠨ ︽ᠬᠤᠶᠠᠷ ᠢ ᠲᠣᠭᠲᠠᠭᠠᠭᠰᠠᠨ︾ ᠢ | ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠪᠠᠷ ᠡᠭᠦᠷᠭᠡ ᠬᠠᠷᠢᠭᠤᠴᠠᠯᠭ᠎ᠠ ᠪᠤᠯᠭᠠᠵᠤ᠂ | ᠲᠣᠮᠣ ᠨᠠᠮ ᠳᠤ ᠯᠡ ᠪᠠᠶᠢᠳᠠᠭ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ᠂ ᠪᠦᠭᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ ᠪᠠᠷ ᠬᠠᠷᠠᠯᠲᠠ ᠴᠢᠭᠯᠡᠯ ᠪᠤᠯᠭᠠᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠪᠠ ᠪᠦᠭᠦ ᠤᠯᠤᠰ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠺᠠᠳ᠋ᠷ ᠤᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠪᠠᠷ ᠭᠤᠣᠯᠳᠠᠯᠭ᠎ᠠ ᠪᠤᠯᠭᠠᠵᠤ᠂ | ᠭᠦᠨᠵᠡᠭᠡᠢ ᠰᠤᠷᠤᠯᠴᠠᠬᠤ᠂ ᠪᠣᠳᠠᠲᠤ ᠪᠠᠶᠢᠴᠠᠭᠠᠨ ᠰᠤᠳᠤᠯᠤᠯᠲᠠ ᠬᠢᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ᠂ | ᠢᠮᠠᠭᠲᠠ ᠴᠢᠩᠭ᠎ᠠ ᠪᠠᠶᠢᠬᠤ ᠦᠨᠳᠦᠰᠦᠨ ᠭᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ | ᠠᠮᠢᠰᠬᠤᠯ ᠢᠶᠠᠷ ᠤᠯᠤᠰ ᠲᠥᠷᠥ ᠶᠢᠨ ᠬᠢᠨᠠᠯᠲᠠ ᠶᠢ ᠴᠢᠩᠭᠠᠳᠬᠠᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ | ᠴᠢᠩᠳᠠᠯᠠᠵᠤ ᠢᠯᠵᠠᠷᠠᠯ ᠢ ᠡᠰᠡᠷᠭᠦᠴᠡᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ | ᠰᠠᠶᠢᠲᠠᠢ ᠬᠥᠭᠵᠢᠯᠲᠡ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠪᠠ᠃ ᠲᠥᠪ ᠤᠨ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠬᠤ ᠶᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠨᠢᠭᠡᠳᠦᠭᠡᠷ ᠬᠢᠴᠢᠶᠡᠯ ᠪᠤᠯᠭᠠᠵᠤ᠂ | ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠭᠦᠨᠵᠡᠭᠡᠢ ᠪᠠᠶᠢᠴᠠᠭᠠᠨ ᠰᠤᠳᠤᠯᠤᠯᠲᠠ | ᠬᠢᠵᠦ᠂ ᠲᠠᠪᠤᠨ ᠵᠢᠯ ᠢ ᠪᠣᠳᠣᠯᠬᠢᠯᠠᠨ ᠪᠠᠶᠢᠷᠢᠯᠠᠭᠤᠯᠵᠤ᠂ ᠰᠢᠨ᠎ᠡ ᠠᠶᠠᠨ ᠳᠠᠬᠢ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠠᠵᠢᠯ ᠤᠨ ᠵᠥᠪ ᠴᠢᠭᠯᠡᠯ ᠢ ᠪᠠᠲᠤ ᠡᠵᠡᠮᠳᠡᠪᠡ᠃ ᠭᠤᠣᠯ ᠰᠡᠳᠦᠪᠲᠦ ᠬᠥᠮᠦᠵᠢᠯ ᠪᠣᠯᠣᠨ ᠬᠥᠮᠦᠵᠢᠯ | ᠴᠡᠭᠴᠡᠯᠡᠯᠲᠡ ᠶᠢ ᠯᠠᠪᠳᠠᠭᠤᠨ ᠪᠠᠲᠤᠲᠠᠢ ᠥᠷᠨᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠡᠳᠬᠢᠯ ᠲᠠᠯᠪᠢᠨ ᠰᠡᠳᠬᠢᠯᠭᠡ ᠲᠠᠢ ᠪᠠᠷ | ᠭᠦᠨᠵᠡᠭᠡᠢ ᠰᠤᠷᠤᠯᠴᠠᠨ ᠨᠠᠷᠢᠯᠢᠭ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠴᠢᠬᠤᠯᠠ ᠶᠡᠭᠡ ᠤᠯᠤᠰ ᠲᠥᠷᠥ ᠶᠢᠨ | ᠬᠠᠷᠢᠭᠤᠴᠠᠯᠭ᠎ᠠ ᠶᠢ ᠡᠷᠡᠰ ᠭᠤᠶᠢᠪᠢᠰᠢ ᠦᠭᠡᠢ ᠡᠭᠦᠷᠭᠡᠯᠡᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠦᠭᠦᠨ ᠢ ᠢᠯᠠᠭᠴᠢ ᠴᠡᠷᠢᠭ ᠠᠩᠭᠢ ᠶᠢ ᠪᠠᠶᠢᠭᠤᠯᠬᠤ ᠶᠢ ᠴᠢᠩᠭ᠎ᠠ ᠬᠠᠮᠢᠶᠠᠷᠴᠤ ᠴᠢᠩᠭ᠎ᠠ ᠵᠠᠰᠠᠪᠠ᠃ ᠨᠠᠮ ᠤᠨ | ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ | ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠰᠢᠨ᠎ᠡ ᠠᠶᠠᠨ ᠳᠤ ᠰᠠᠶᠢᠨ ᠡᠭᠢᠯᠡᠯᠲᠡ ᠲᠠᠢ ᠰᠠᠶᠢᠲᠤᠷ | ᠡᠬᠢᠯᠡᠭᠦᠯᠬᠦ ᠶᠢ ᠪᠠᠲᠤᠯᠠᠪᠠ᠃ ᠢᠯᠵᠠᠷᠠᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠭᠦᠨᠵᠡᠭᠡᠢ ᠠᠬᠢᠭᠤᠯᠵᠤ᠂ | ᠮᠥᠩᠭᠦᠨ ᠭᠦᠢᠯᠭᠡᠭᠡᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠪᠡᠶ᠎ᠡ ᠶᠢᠨ | ᠲᠠᠮᠢᠷ᠂ ᠨᠠᠪᠴᠢᠨ ᠲᠠᠮᠠᠬᠢ᠂ ᠡᠮ ᠡᠮᠨᠡᠯᠭᠡ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ᠂ ᠲᠤᠭ᠎ᠠ | ᠪᠦᠷᠢᠳᠬᠡᠯ ᠵᠡᠷᠭᠡ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ | ᠰᠢᠰᠲ᠋ᠧᠮ ᠤᠨ ᠴᠢᠨᠠᠷᠲᠠᠢ ᠢᠯᠵᠠᠷᠠᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠡᠷᠡᠰ ᠠᠷᠢᠯᠭᠠᠵᠤ᠂ | ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ | ᠴᠣᠭᠴᠠᠵᠢᠭᠤᠯᠤᠨ ᠠᠬᠢᠭᠤᠯᠵᠤ᠂ ᠭᠢᠯᠪᠠᠷ ᠪᠤᠰᠤ ᠪᠠᠷ ᠣᠯᠣᠭᠰᠠᠨ ᠳᠡᠶᠢᠯᠦᠩᠭᠦᠢ ᠴᠢᠨᠠᠷᠲᠠᠢ ᠢᠯᠠᠯᠲᠠ ᠶᠢ ᠪᠦᠭᠦ | ᠲᠠᠯ᠎ᠠ ᠪᠠᠷ ᠪᠠᠬᠢᠵᠢᠭᠦᠯᠪᠡ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ | ᠨᠠᠶᠢᠳᠠᠪᠤᠷᠢᠵᠢᠭᠤᠯᠵᠤ᠂ ᠵᠠᠯᠠᠷᠠᠭᠤᠯᠬᠤ ᠱᠤᠭᠤᠬᠤ ᠶᠢ ᠵᠡᠷᠭᠡ ᠪᠠᠷ ᠴᠢᠬᠤᠯᠠᠴᠢᠯᠠᠵᠤ ᠰᠤᠷᠲᠠᠯ ᠤᠨ ᠪᠠᠶᠢᠭᠤᠯᠤᠯᠲᠠ ᠶᠢᠨ | ᠪᠠᠶᠢᠩᠭᠤ ᠪᠦᠲᠦᠮᠵᠢᠲᠡᠢ ᠪᠠᠶᠢᠬᠤ ᠶᠢ ᠠᠬᠢᠭᠤᠯᠪᠠ᠃ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠭᠦ | ᠲᠠᠯ᠎ᠠ ᠪᠠᠷ ᠴᠢᠩᠭᠠᠳᠬᠠᠵᠤ᠂ ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠶᠢ ᠠᠬᠢᠭᠤᠯᠬᠤ ᠪᠠ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠶᠢ ᠨᠢᠭᠡᠳᠬᠡᠪᠡ᠃ ᠤᠯᠤᠰ ᠲᠦᠷᠦ ᠶᠢᠨ | ᠲᠣᠭᠤᠷᠢᠨ ᠪᠠᠶᠢᠴᠠᠭᠠᠯᠲᠠ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠲᠥᠪ ᠠᠴᠠ ᠬᠠᠮᠢᠶᠠᠷᠴᠤ ᠪᠠᠶᠢᠭ᠎ᠠ | ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠯᠲᠠ ᠶᠢ ᠪᠦᠭᠦᠨ ᠢ | ᠪᠦᠷᠬᠦᠭᠦᠯᠬᠦ ᠶᠢ ᠴᠢᠨᠠᠷ ᠰᠠᠶᠢᠲᠠᠢ ᠪᠡᠶᠡᠯᠡᠭᠦᠯᠪᠡ᠃ ᠳᠦᠷᠢᠮ ᠢᠶᠠᠷ ᠨᠠᠮ ᠢ ᠵᠠᠰᠠᠬᠤ᠂ ᠲᠣᠭᠲᠠᠭᠠᠯ ᠢᠶᠠᠷ ᠨᠠᠮ ᠢ ᠵᠠᠰᠠᠬᠤ | ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠨᠠᠮ ᠤᠨ ᠲᠥᠪ ᠬᠤᠷᠢᠶ᠎ᠠ ᠶᠢ ᠬᠠᠮᠵᠢᠨ | ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ ᠳᠤ ᠵᠠᠰᠠᠪᠤᠷᠢ ᠣᠷᠣᠭᠤᠯᠵᠤ᠂ ᠨᠠᠮ ᠤᠨ ᠥᠪᠡᠷ ᠪᠡᠶ᠎ᠡ ᠶᠢᠨ | ᠬᠤᠪᠢᠰᠬᠠᠯ ᠤᠨ ᠳᠦᠷᠢᠮ ᠤᠨ ᠵᠢᠷᠤᠮᠵᠢᠯ ᠤᠨ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠪᠠ᠃ ᠠᠮᠵᠢᠯᠲᠠ ᠪᠠᠨ | ᠨᠤᠲᠠᠯᠠᠬᠤ ᠶᠢᠨ ᠬᠠᠮᠲᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠪᠠ ᠺᠠᠳ᠋ᠷ ᠤᠨ ᠡᠩᠨᠡᠭᠡᠨ ᠤ | ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠦᠨᠡᠨ ᠢ ᠪᠠᠷᠢᠮᠲᠠᠯᠠᠨ ᠵᠠᠳᠠᠯᠵᠤ᠂ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠦᠨᠡᠨ ᠬᠦ ᠰᠢᠢᠳᠪᠦᠷᠢᠯᠡᠪᠡ ᠭᠡᠵᠦ ᠵᠢᠭᠠᠵᠤ ᠭᠠᠷᠭᠠᠪᠠ᠃ | ᠪᠦᠭᠦᠳᠡ ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ | ᠰᠢ ᠶᠢᠨ ᠫᠢᠩ ᠪᠦᠭᠦ ᠨᠠᠮ ᠢ ᠳᠠᠭᠠᠭᠤᠯᠤᠨ ᠤᠷᠢᠳ ᠡᠮᠦᠨ᠎ᠡ ᠪᠠᠶᠢᠭ᠎ᠠ ᠦᠭᠡᠢ ᠡᠷᠡᠰ ᠵᠣᠷᠢᠭ ᠴᠢᠩᠭ᠎ᠠ ᠡᠷᠴᠢᠮ ᠢᠶᠠᠷ | ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠵᠤ᠂ ᠪᠦᠲᠦᠭᠡᠯᠴᠢ ᠴᠢᠨᠠᠷᠲᠠᠢ ᠪᠠᠷ ᠠᠩᠬᠠᠨ ᠤ | ᠡᠭᠦᠳᠦᠯᠲᠡ ᠶᠢᠨ ᠴᠢᠨᠠᠷᠲᠠᠢ᠂ ᠪᠡᠯᠭᠡ ᠲᠡᠮᠳᠡᠭ ᠤᠨ ᠴᠢᠨᠠᠷᠲᠠᠢ ᠠᠯᠢ ᠤᠯᠠᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ | ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠳᠤᠷᠠᠳᠤᠨ ᠭᠠᠷᠭᠠᠵᠤ᠂ ᠶᠡᠷᠦᠩᠬᠡᠢ ᠱᠦᠵᠢ ᠰᠢ ᠶᠢᠨ ᠫᠢᠩ ᠤᠨ | ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠯᠳᠦᠭᠦᠯᠵᠦ᠂ ᠵᠠᠭᠤᠨ | ᠵᠢᠯ ᠤᠨ ᠲᠡᠦᠬᠡ ᠲᠠᠢ ᠲᠣᠮᠣ ᠨᠠᠮ ᠢ ᠵᠢᠯᠣᠭᠤᠳᠤᠨ ᠥᠪᠡᠷ ᠪᠡᠶ᠎ᠡ ᠶᠢᠨ ᠬᠤᠪᠢᠰᠬᠠᠯ ᠤᠨ ᠰᠢᠨ᠎ᠡ ᠠᠬᠤᠢ ᠪᠠᠶᠢᠳᠠᠯ ᠢ | ᠨᠡᠭᠡᠭᠡᠪᠡ᠃ ᠡᠨᠡ ᠪᠣᠯ ᠮᠠᠨ ᠤ ᠨᠠᠮ ᠤᠨ ︽ᠬᠤᠶᠠᠷ ᠢ ᠤᠶᠠᠯᠳᠤᠭᠤᠯᠬᠤ︾ ᠶᠢ ᠪᠠᠷᠢᠮᠲᠠᠯᠠᠵᠤ ᠤᠨᠤᠯ ᠤᠨ ᠰᠢᠨ᠎ᠡ ᠶᠢ | ᠡᠭᠦᠳᠬᠦ ᠶᠢ ᠠᠬᠢᠭᠤᠯᠤᠭᠠᠳ ᠣᠯᠣᠭᠰᠠᠨ ᠰᠢᠨ᠎ᠡ ᠦᠷ᠎ᠡ ᠪᠦᠲᠦᠭᠡᠯ ᠮᠥᠨ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨ᠎ᠡ ᠬᠠᠭᠤᠳᠠᠰᠤ | ᠮᠥᠨ᠂ ᠮᠠᠨ ᠤ ᠨᠠᠮ ᠤᠨ ᠮᠠᠷᠺᠰ ᠤᠨ ᠦᠵᠡᠯ ᠤᠨ ᠲᠦᠷᠦ ᠶᠢᠨ ᠨᠠᠮ ᠤᠨ ᠪᠠᠶᠢᠭᠤᠯᠤᠯᠲᠠ ᠶᠢᠨ ᠵᠢᠮ᠎ᠡ ᠶᠣᠰᠣ᠂ ᠡᠪ | ᠬᠠᠮᠲᠤ ᠨᠠᠮ ᠤᠨ ᠲᠦᠷᠦ ᠪᠠᠷᠢᠬᠤ ᠵᠢᠮ᠎ᠡ ᠶᠣᠰᠣᠨ ᠤ ᠲᠤᠬᠠᠢ ᠲᠠᠨᠢᠯᠲᠠ ᠰᠢᠨ᠎ᠡ ᠥᠨᠳᠥᠷᠴᠡ ᠳᠤ ᠭᠦᠷᠦᠭᠰᠡᠨ ᠢ | ᠬᠠᠷᠠᠭᠤᠯᠵᠤ ᠪᠠᠶᠢᠨ᠎ᠠ᠃ ᠡᠨᠡ ᠬᠦ ᠴᠢᠬᠤᠯᠠ ᠦᠵᠡᠯ ᠰᠠᠨᠠᠭ᠎ᠠ ᠨᠢ ᠮᠠᠨ ᠤ ᠨᠠᠮ ᠤᠨ ︽ᠶᠠᠭᠤᠨ ᠳᠤ ᠥᠪᠡᠷ | ᠪᠡᠶ᠎ᠡ ᠶᠢᠨ ᠬᠤᠪᠢᠰᠬᠠᠯ ᠬᠢᠬᠦ ᠪᠤᠢ︾ ᠭᠡᠬᠦ ᠴᠢᠬᠤᠯᠠ ᠶᠡᠭᠡ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠦ᠂ | ᠪᠦᠭᠦ ᠨᠠᠮ ᠤᠨ ᠤᠭ ᠰᠠᠨᠠᠭ᠎ᠠ ᠪᠠᠨ ᠡᠭᠦᠷᠢᠳᠡ ᠪᠠᠲᠤᠯᠠᠵᠤ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠦᠨᠳᠦᠰᠦᠨ | ᠡᠭᠦᠷᠭᠡ ᠶᠢ ᠲᠣᠳᠣᠷᠬᠠᠢ ᠵᠢᠭᠠᠪᠠ︔ ᠮᠠᠨ ᠤ ᠨᠠᠮ ᠤᠨ ︽ᠶᠠᠭᠤᠨ ᠳᠤ ᠥᠪᠡᠷ ᠪᠡᠶ᠎ᠡ ᠶᠢᠨ ᠬᠤᠪᠢᠰᠬᠠᠯ ᠢ ᠬᠢᠵᠦ | ᠴᠢᠳᠠᠬᠤ ᠪᠤᠢ︾ ᠭᠡᠬᠦ ᠴᠢᠬᠤᠯᠠ ᠶᠡᠭᠡ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠦ᠂ ᠪᠦᠭᠦ ᠨᠠᠮ ᠢᠶᠠᠷ ᠢᠶᠠᠨ | ︽ᠬᠤᠶᠠᠳᠤᠭᠠᠷ ᠬᠠᠷᠢᠭᠤᠯᠲᠠ︾ ᠶᠢ ᠰᠠᠶᠢᠲᠤᠷ ᠬᠡᠷᠡᠭᠯᠡᠬᠦ᠂ ᠲᠣᠮᠣ ᠨᠠᠮ ᠳᠤ ᠯᠠ ᠪᠠᠶᠢᠳᠠᠭ ᠬᠦᠴᠢᠷ ᠠᠰᠠᠭᠤᠳᠠᠯ ᠢ | ᠰᠢᠢᠳᠪᠦᠷᠢᠯᠡᠬᠦ ᠢᠲᠡᠭᠡᠯ ᠵᠣᠷᠢᠭ ᠢ ᠪᠠᠲᠤᠳᠬᠠᠪᠠ︔ ᠮᠠᠨ ᠤ ᠨᠠᠮ ᠤᠨ ︽ᠥᠪᠡᠷ ᠪᠡᠶ᠎ᠡ ᠶᠢᠨ ᠬᠤᠪᠢᠰᠬᠠᠯ ᠬᠢᠬᠦ ᠶᠢ | ᠬᠡᠷᠬᠢᠨ ᠠᠬᠢᠭᠤᠯᠬᠤ ᠪᠤᠢ︾ ᠭᠡᠬᠦ ᠴᠢᠬᠤᠯᠠ ᠶᠡᠭᠡ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠦ᠂ ᠨᠠᠮ ᠤᠨ | ᠠᠮᠢᠵᠢᠷᠠᠯ ᠤᠨ ᠬᠦᠴᠦᠨ ᠢᠶᠠᠨ ᠡᠭᠦᠷᠢᠳᠡ ᠪᠠᠲᠤᠯᠠᠵᠤ᠂ ᠰᠢᠨ᠎ᠡ ᠰᠢᠯᠭᠠᠯᠲᠠ ᠶᠢ ᠤᠭᠲᠤᠬᠤ ᠵᠠᠮ ᠢᠶᠠᠷ ᠰᠠᠶᠢᠲᠤᠷ | ᠵᠠᠮᠨᠠᠬᠤ ᠭᠡᠭᠡᠨ ᠰᠠᠷᠠᠭᠤᠯ ᠢᠷᠡᠭᠡᠳᠦᠢ ᠶᠢ ᠢᠯᠡᠷᠡᠭᠦᠯᠪᠡ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠭ᠎ᠠ ᠪᠣᠯ ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠠᠬᠢᠭᠤᠯᠬᠤ ᠴᠢᠬᠤᠯᠠ ᠬᠦᠴᠦᠨ ᠮᠥᠨ᠂ ᠭᠦᠨ | ᠵᠤᠵᠠᠭᠠᠨ ᠬᠠᠶᠢᠷ᠎ᠠ ᠰᠡᠳᠬᠢᠯᠭᠡ ᠶᠢ ᠡᠪᠦᠷᠯᠡᠨ᠂ ᠡᠷᠡᠰ ᠪᠠᠲᠤ ᠢᠲᠡᠭᠡᠯ ᠪᠢᠰᠢᠷᠡᠯ ᠢ ᠡᠪᠦᠷᠯᠡᠨ᠂ ᠪᠠᠲᠤ ᠴᠢᠩᠭ᠎ᠠ | ᠡᠭᠦᠷᠭᠡ ᠬᠠᠷᠢᠭᠤᠴᠠᠯᠭ᠎ᠠ ᠶᠢ ᠡᠪᠦᠷᠯᠡᠨ ᠭᠦᠨᠵᠡᠭᠡᠢ ᠰᠤᠷᠤᠯᠴᠠᠨ ᠨᠠᠷᠢᠯᠢᠭ ᠣᠶᠢᠯᠠᠭᠠᠵᠤ᠂ ᠡᠨᠡ ᠬᠦ ᠴᠢᠬᠤᠯᠠ ᠦᠵᠡᠯ | ᠰᠠᠨᠠᠭᠠᠨ ᠤ ᠭᠤᠣᠯ ᠴᠢᠮᠦᠭᠡ ᠪᠠ ᠴᠢᠬᠤᠯᠠ ᠠᠭᠤᠯᠭ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠢ | ᠡᠵᠡᠮᠳᠡᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠪᠦᠭᠦ ᠶᠠᠪᠤᠴᠠ ᠡᠯ᠎ᠡ ᠲᠠᠯ᠎ᠠ ᠳᠤ | ᠤᠬᠠᠮᠰᠠᠷ ᠠᠴᠠ ᠪᠠᠨ ᠲᠤᠭᠤᠰᠢᠯᠠᠭᠤᠯᠵᠤ᠂ ᠡᠭᠦᠷᠢᠳᠡ ᠵᠣᠭᠰᠣᠰᠢ ᠦᠭᠡᠢ ᠡᠷᠡᠰ ᠪᠠᠲᠤ ᠵᠣᠷᠢᠭ ᠢᠶᠠᠷ ᠨᠠᠮ ᠤᠨ | ᠥᠪᠡᠷ ᠪᠡᠶ᠎ᠡ ᠶᠢᠨ ᠬᠤᠪᠢᠰᠬᠠᠯ ᠢ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠪᠦᠭᠦᠳᠡ ᠬᠤᠷᠠᠯ ᠠᠴᠠ᠂ 2024 ᠣᠨ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ 75 ᠵᠢᠯ ᠤᠨ ᠣᠶ ᠪᠣᠯᠣᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠡᠨᠡ ᠵᠢᠯ ᠤᠨ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ | ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠢ ᠪᠦᠭᠦ ᠲᠠᠯ᠎ᠠ ᠪᠠᠷ ᠴᠢᠩᠭ᠎ᠠ | ᠵᠠᠰᠠᠬᠤ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠡᠷᠡᠰ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠭᠰᠠᠨ︾ | ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠤᠬᠠᠮᠰᠠᠷ ᠠᠴᠠ ᠪᠠᠨ ︽ᠳᠥᠷᠪᠡᠨ | ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ | ᠶᠢ ᠪᠡᠶᠡᠯᠡᠭᠦᠯᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ | ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠪᠣᠯᠣᠨ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ᠂ ᠨᠠᠮ ᠤᠨ ᠳᠦᠷᠢᠮ ᠪᠠ ᠦᠨᠳᠦᠰᠦᠨ ᠬᠠᠤᠯᠢ ᠠᠴᠠ ᠣᠯᠭᠤᠭᠰᠠᠨ ᠲᠤᠰᠢᠶᠠᠯ | ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ | ᠪᠦᠷᠢᠨᠰᠢᠭᠦᠯᠬᠦ ᠶᠢ ᠠᠬᠢᠭᠤᠯᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ | ᠠᠵᠢᠯ ᠢ ᠭᠦᠨᠵᠡᠭᠡᠶᠢᠷᠡᠭᠦᠯᠦᠨ ᠠᠬᠢᠭᠤᠯᠵᠤ᠂ ᠰᠢᠨ᠎ᠡ ᠠᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ | ᠨᠢᠭᠡᠳᠦᠭᠡᠷ ᠲᠤ᠂ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠲᠣᠪᠤᠶᠢᠯᠭᠠᠨ ᠭᠤᠣᠯ | ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠭᠦᠨᠵᠡᠭᠡᠶᠢᠷᠡᠭᠦᠯᠦᠨ ᠥᠷᠭᠡᠳᠬᠡᠬᠦ ᠬᠡᠷᠡᠭᠲᠡᠢ᠃ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ | ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠬᠥᠮᠦᠵᠢᠯ ᠪᠣᠯᠪᠠᠰᠤᠷᠠᠯ ᠤᠨ ᠭᠤᠣᠯ ᠰᠡᠳᠦᠪ ᠭᠤᠣᠯ | ᠰᠢᠵᠢᠮ ᠪᠤᠯᠭᠠᠵᠤ᠂ ︽ᠨᠢᠭᠡᠳᠦᠭᠡᠷ ᠵᠥᠪᠯᠡᠬᠦ ᠰᠡᠳᠦᠪ︾ ᠤᠨ ᠳᠦᠷᠢᠮ᠂ ᠬᠠᠮᠲᠤ ᠶᠢᠨ ᠰᠤᠷᠤᠯᠴᠠᠯᠭ᠎ᠠ ᠶᠢᠨ | ᠳᠦᠷᠢᠮ ᠢ ᠪᠦᠷᠢᠨᠰᠢᠭᠦᠯᠦᠨ ᠴᠢᠩᠭ᠎ᠠ ᠬᠡᠷᠡᠭᠵᠢᠭᠦᠯᠵᠦ᠂ ᠭᠦᠨᠵᠡᠭᠡᠶᠢᠷᠡᠭᠦᠯᠬᠦ᠂ ᠬᠠᠳᠠᠩᠰᠢᠭᠤᠯᠬᠤ᠂ ᠬᠤᠪᠢᠷᠠᠭᠤᠯᠬᠤ | ᠲᠠᠯ᠎ᠠ ᠪᠠᠷ ᠦᠷᠭᠦᠯᠵᠢᠯᠡᠨ ᠬᠦᠴᠦᠯᠡᠵᠦ᠂ ᠤᠬᠠᠮᠰᠠᠷ ᠠᠴᠠ ᠪᠠᠨ ᠨᠠᠮ ᠤᠨ ᠰᠢᠨ᠎ᠡ ᠶᠢ ᠡᠭᠦᠳᠦᠭᠰᠡᠨ ᠤᠨᠤᠯ ᠤᠨ | ᠳᠤᠮᠳᠠ ᠠᠴᠠ ᠣᠶᠢᠯᠠᠭᠠᠭᠳᠠᠬᠤᠨ ᠢ ᠡᠷᠢᠵᠦ᠂ ᠰᠡᠳᠬᠢᠮᠵᠢ ᠶᠢ ᠡᠷᠢᠵᠦ᠂ ᠠᠷᠭ᠎ᠠ ᠡᠷᠢᠵᠦ᠂ ᠠᠷᠭ᠎ᠠ ᠠᠪᠴᠠᠯ ᠢ | ᠡᠷᠢᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠲᠠᠰᠤᠷᠠᠯᠳᠠ ᠦᠭᠡᠢ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ | ᠴᠢᠩᠳᠠᠯᠠᠨ ᠢᠯᠵᠠᠷᠠᠯ ᠢ ᠡᠰᠡᠷᠭᠦᠴᠡᠬᠦ ᠶᠢᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ | ᠬᠤᠶᠠᠳᠤᠭᠠᠷ ᠲᠤ᠂ ︽ᠬᠤᠶᠠᠷ ᠢ ᠬᠠᠮᠠᠭᠠᠯᠠᠬᠤ︾ ᠶᠢ ᠲᠣᠪᠤᠶᠢᠯᠭᠠᠨ ᠤᠯᠤᠰ ᠲᠦᠷᠦ ᠶᠢᠨ ᠬᠢᠨᠠᠯᠲᠠ | ᠲᠠᠯᠪᠢᠬᠤ ᠶᠢ ᠭᠦᠨᠵᠡᠭᠡᠶᠢᠷᠡᠭᠦᠯᠬᠦ ᠬᠡᠷᠡᠭᠲᠡᠢ᠃ ᠨᠠᠮ ᠤᠨ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ | ᠲᠥᠷᠥ ᠶᠢᠨ ᠶᠣᠰᠣ ᠳᠦᠷᠢᠮ ᠢ ᠴᠢᠩᠳᠠᠯᠠᠬᠤ ᠶᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠤᠯᠤᠰ ᠲᠥᠷᠥ ᠶᠢᠨ | ᠦᠨᠡᠨᠴᠢ ᠰᠢᠳᠤᠷᠭᠤ᠂ ᠤᠯᠤᠰ ᠲᠥᠷᠥ ᠶᠢᠨ ᠠᠮᠤᠷ ᠲᠦᠪᠰᠢᠨ᠂ ᠤᠯᠤᠰ ᠲᠥᠷᠥ ᠶᠢᠨ ᠬᠠᠷᠢᠭᠤᠴᠠᠯᠭ᠎ᠠ᠂ ᠤᠯᠤᠰ | ᠲᠥᠷᠥ ᠶᠢᠨ ᠵᠣᠭᠰᠣᠯᠲᠠ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠤᠯᠤᠰ ᠲᠥᠷᠥ ᠶᠢᠨ ᠵᠥᠷᠢᠶ᠎ᠡ ᠶᠢ ᠡᠷᠡᠰ ᠵᠠᠯᠠᠷᠠᠭᠤᠯᠵᠤ᠂ ᠤᠯᠤᠰ ᠲᠥᠷᠥ ᠶᠢᠨ ᠭᠡᠮ ᠰᠣᠭᠤᠭ ᠢ | ᠴᠠᠭ ᠲᠤᠬᠠᠢ ᠳᠤᠨᠢ ᠠᠷᠢᠯᠭᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ | ᠴᠣᠬᠤᠯᠠᠪᠤᠷᠢ ᠪᠠ ᠨᠠᠮ ᠤᠨ ᠲᠥᠪ ᠬᠤᠷᠢᠶ᠎ᠠ ᠶᠢᠨ ᠦᠨᠳᠦᠰᠦᠨ ᠪᠣᠳᠣᠯᠭ᠎ᠠ ᠴᠢᠭᠯᠡᠯᠲᠡ ᠲᠠᠢ ᠨᠢᠭᠲᠠ ᠤᠶᠠᠯᠳᠤᠭᠤᠯᠤᠨ | ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ᠨᠠᠶᠢᠳᠠᠪᠤᠷᠢᠵᠢᠭᠤᠯᠤᠭᠰᠠᠨ ᠪᠠᠶᠢᠳᠠᠯ ᠢ ︽ᠡᠷᠭᠢᠨ ᠬᠠᠷᠠᠬᠤ︾ | ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠪᠦᠭᠦ ᠨᠠᠮ ᠤᠨ ᠦᠵᠡᠯ ᠰᠠᠨᠠᠭ᠎ᠠ ᠪᠠᠨ ᠨᠢᠭᠡᠳᠬᠡᠬᠦ᠂ ᠵᠣᠷᠢᠭ | ᠰᠠᠨᠠᠭ᠎ᠠ ᠪᠠᠨ ᠨᠢᠭᠡᠳᠬᠡᠬᠦ᠂ ᠠᠯᠬᠤᠮ ᠨᠢᠭᠡᠲᠡᠢ ᠤᠷᠤᠭᠰᠢᠯᠠᠬᠤ ᠶᠢ ᠱᠠᠯᠠᠪᠳᠠᠭᠤᠯᠬᠤ ᠬᠡᠷᠡᠭᠲᠡᠢ᠃ | ᠭᠤᠷᠪᠠᠳᠤᠭᠠᠷ ᠲᠤ᠂ ᠬᠥᠷᠥᠰᠥ ᠰᠢᠷᠣᠢ ᠨᠥᠬᠦᠴᠡᠯ ᠢ ᠠᠷᠢᠯᠭᠠᠬᠤ ᠶᠢ ᠲᠣᠪᠤᠶᠢᠯᠭᠠᠨ ᠢᠯᠵᠠᠷᠠᠯ ᠢ | ᠡᠰᠡᠷᠭᠦᠴᠡᠬᠦ ᠲᠡᠮᠡᠴᠡᠯ ᠢ ᠭᠦᠨᠵᠡᠭᠡᠶᠢᠷᠡᠭᠦᠯᠬᠦ ᠬᠡᠷᠡᠭᠲᠡᠢ᠃ ᠢᠯᠵᠠᠷᠠᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ | ᠬᠦᠴᠦᠯᠡᠵᠦ᠂ ᠭᠦᠨᠵᠡᠭᠡᠶᠢᠷᠡᠭᠦᠯᠦᠨ ᠠᠬᠢᠭᠤᠯᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ | ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠥᠨᠳᠥᠷ ᠳᠠᠷᠤᠯᠲᠠᠲᠤ | ᠪᠠᠶᠢᠳᠠᠯ ᠢ ᠴᠢᠩᠭᠠᠳᠬᠠᠵᠤ᠂ ᠭᠤᠣᠯᠳᠠᠯᠭ᠎ᠠ ᠲᠠᠢ ᠠᠰᠠᠭᠤᠳᠠᠯ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ | ᠭᠤᠣᠯᠳᠠᠯᠭ᠎ᠠ ᠲᠠᠢ ᠡᠲᠡᠭᠡᠳ᠂ ᠰᠢᠨ᠎ᠡ ᠭᠡᠯᠪᠡᠷᠢ ᠶᠢᠨ ᠢᠯᠵᠠᠷᠠᠯ ᠪᠠ ᠲᠠᠯᠳᠠ ᠢᠯᠵᠠᠷᠠᠯ ᠢ ᠦᠷᠭᠦᠯᠵᠢᠯᠡᠨ ᠴᠢᠩᠭ᠎ᠠ | ᠠᠩᠬᠠᠷᠴᠤ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠰᠦᠯᠪᠡᠭᠡᠯᠡᠭᠰᠡᠨ ᠢᠯᠵᠠᠷᠠᠯ ᠢ ᠴᠢᠩᠭ᠎ᠠ ᠰᠢᠢᠳᠬᠡᠬᠦ ᠶᠢ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ᠂ ᠮᠥᠩᠭᠦᠨ | ᠭᠦᠢᠯᠭᠡᠭᠡᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠡᠨᠧᠷᠭᠢ᠂ ᠨᠠᠪᠴᠢᠨ ᠲᠠᠮᠠᠬᠢ᠂ ᠡᠮ ᠡᠮᠨᠡᠯᠭᠡ᠂ | ᠦᠨᠳᠦᠰᠦᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠪᠠ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ | ᠬᠦᠯᠢᠶᠡᠬᠦ ᠵᠡᠷᠭᠡ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠭᠦᠨᠵᠡᠭᠡᠢ ᠴᠡᠭᠴᠡᠯᠡᠨ ᠵᠠᠰᠠᠵᠤ᠂ ᠤᠯᠠᠨ ᠲᠦᠮᠡᠨ ᠤ | ᠳᠡᠷᠭᠡᠳᠡᠬᠢ ᠢᠯᠵᠠᠷᠠᠯ ᠢ ᠡᠷᠡᠰ ᠵᠠᠯᠬᠠᠭᠠᠨ ᠰᠢᠢᠳᠬᠡᠵᠦ᠂ ᠬᠢᠯᠢ ᠠᠯᠤᠰᠯᠠᠭᠰᠠᠨ ᠢᠯᠵᠠᠷᠠᠯ ᠤᠨ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠬᠤ ᠬᠡᠷᠡᠭᠲᠡᠢ᠃ ᠬᠡᠷᠡᠭ ᠢᠶᠠᠷ ᠴᠡᠭᠴᠡᠯᠡᠨ ᠰᠠᠶᠢᠵᠢᠷᠠᠭᠤᠯᠤᠯᠲᠠ ᠶᠢ ᠠᠬᠢᠭᠤᠯᠬᠤ᠂ | ᠬᠡᠷᠡᠭ ᠢᠶᠠᠷ ᠵᠠᠰᠠᠯᠲᠠ ᠶᠢ ᠠᠬᠢᠭᠤᠯᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠤ ᠪᠠᠶᠢᠭᠤᠯᠤᠮᠵᠢ | ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠃ ᠵᠥᠪ ᠪᠤᠷᠤᠭᠤ ᠬᠤᠶᠠᠷ ᠲᠠᠯ᠎ᠠ ᠶᠢᠨ ᠬᠥᠮᠦᠵᠢᠯ ᠢ | ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ | ᠠᠷᠢᠭᠤᠨ ᠴᠢᠬᠡᠴᠢ ᠨᠢ ᠢᠷᠠᠭᠤ ᠠᠯᠳᠠᠷ ᠲᠠᠢ ᠱᠠᠮᠰᠢᠬᠤ ᠨᠢ ᠢᠴᠢᠭᠦᠷᠢ ᠲᠠᠢ ᠪᠠᠶᠢᠬᠤ ᠨᠡᠶᠢᠭᠡᠮ ᠤᠨ ᠠᠭᠤᠷ | ᠠᠮᠢᠰᠬᠤᠯ ᠤᠨ ᠪᠦᠷᠢᠯᠳᠦᠬᠦ ᠶᠢ ᠠᠬᠢᠭᠤᠯᠬᠤ ᠬᠡᠷᠡᠭᠲᠡᠢ᠃ ᠬᠡᠭᠡᠯᠢ ᠢᠳᠡᠵᠦ ᠬᠠᠭ᠋ᠤᠤᠯᠢ ᠲᠦᠯᠬᠢᠭᠰᠡᠨ ᠬᠡᠷᠡᠭ ᠢ ᠬᠠᠮᠲᠤ | ᠳᠤᠨᠢ ᠪᠠᠶᠢᠴᠠᠭᠠᠬᠤ ᠠᠵᠢᠯ ᠢ ᠴᠢᠩᠭᠠᠳᠬᠠᠵᠤ᠂ ᠭᠤᠣᠯᠳᠠᠯᠭ᠎ᠠ ᠲᠠᠢ ᠬᠡᠭᠡᠯᠢ ᠲᠦᠯᠬᠢᠭᠴᠢ ᠶᠢ ᠬᠤᠯᠪᠤᠭᠠᠯᠠᠨ ᠵᠠᠯᠬᠠᠭᠠᠨ | ᠴᠡᠭᠡᠷᠯᠡᠭᠦᠯᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠢᠯᠵᠠᠷᠠᠯ ᠢ ᠡᠰᠡᠷᠭᠦᠴᠡᠬᠦ ᠪᠠᠭᠠᠵᠢ ᠶᠢᠨ ᠬᠠᠶᠢᠷᠴᠠᠭ ᠢ | ᠴᠢᠩᠭᠠᠳᠬᠠᠨ ᠲᠡᠭᠦᠯᠳᠡᠷᠵᠢᠭᠦᠯᠵᠦ᠂ ᠬᠢᠨᠠᠨ ᠪᠤᠳᠤᠬᠤ ᠵᠡᠷᠭᠡ ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ | ᠬᠦᠷᠭᠡᠵᠦ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠢᠯᠵᠠᠷᠠᠯ ᠢ ᠡᠰᠡᠷᠭᠦᠴᠡᠬᠦ | ᠲᠤᠬᠠᠢ ᠤᠯᠤᠰ ᠤᠨ ᠬᠠᠤᠯᠢ ᠲᠣᠭᠲᠠᠭᠠᠯᠲᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ | ᠳᠥᠷᠪᠡᠳᠦᠭᠡᠷ ᠲᠤ᠂ ᠪᠠᠶᠢᠩᠭᠤᠵᠢᠭᠰᠠᠨ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠬᠤ ᠶᠢ ᠲᠣᠪᠤᠶᠢᠯᠭᠠᠨ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠬᠤ ᠬᠡᠷᠡᠭᠲᠡᠢ᠃ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠤᠰᠬᠠᠢ ᠴᠡᠭᠴᠡᠯᠡᠨ ᠵᠠᠰᠠᠵᠤ᠂ ︽ᠠᠯᠪᠠᠨ ᠶᠠᠪᠤᠳᠠᠯ ᠤᠨ | ᠨᠡᠷ᠎ᠡ ᠪᠠᠷ ᠢᠳᠡᠬᠦ︾᠂ ︽ᠬᠤᠭᠤᠯᠠᠨ ᠭᠡᠷ ᠤᠨ ᠬᠢ ᠶᠢ ᠢᠳᠡᠬᠦ︾᠂ ︽ᠬᠤᠭᠤᠯᠠᠨ ᠭᠡᠷ ᠤᠨ ᠡᠵᠡᠨ ᠤ ᠬᠢ ᠶᠢ | ᠢᠳᠡᠬᠦ︾᠂ ︽ᠳᠣᠣᠷ᠎ᠠ ᠱᠠᠲᠤ ᠶᠢᠨ ᠬᠢ ᠪᠠᠨ ᠢᠳᠡᠬᠦ︾ ᠵᠡᠷᠭᠡ ᠠᠰᠠᠭᠤᠳᠠᠯ ᠢ ᠴᠢᠩᠭ᠎ᠠ ᠪᠠᠶᠢᠴᠠᠭᠠᠬᠤ ᠬᠡᠷᠡᠭᠲᠡᠢ᠃ | ᠰᠤᠷᠲᠠᠯ ᠤᠨ ᠢᠯᠵᠠᠷᠠᠯ ᠢ ᠬᠠᠮᠲᠤ ᠪᠠᠷ ᠪᠠᠶᠢᠴᠠᠭᠠᠵᠤ ᠬᠠᠮᠲᠤ ᠪᠠᠷ ᠵᠠᠰᠠᠬᠤ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠵᠦ ᠂ ︽ᠰᠤᠷᠲᠠᠯ ᠤᠨ ᠢᠯᠵᠠᠷᠠᠯ ᠢ ᠪᠠᠶᠢᠴᠠᠭᠠᠬᠤ︾ ᠪᠥᠭᠡᠳ ︽ᠢᠯᠵᠠᠷᠠᠯ ᠢ ᠢᠯᠡᠷᠡᠭᠦᠯᠬᠦ ᠪᠠᠷ | ᠲᠠᠮᠵᠢᠨ ᠰᠤᠷᠲᠠᠯ ᠢ ᠵᠠᠯᠠᠷᠠᠭᠤᠯᠬᠤ︾ ᠬᠡᠷᠡᠭᠲᠡᠢ᠃ ᠺᠠᠳ᠋ᠷ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠡᠯᠪᠡᠷᠢᠴᠢ | ᠦᠵᠡᠯ᠂ ᠨᠣᠶᠠᠨᠴᠢ ᠰᠤᠷᠲᠠᠯ ᠢ ᠴᠢᠩᠭ᠎ᠠ ᠵᠠᠯᠠᠷᠠᠭᠤᠯᠤᠨ ᠵᠠᠰᠠᠵᠤ᠂ ᠤᠳᠤᠷᠢᠳᠬᠤ ᠪᠠᠶᠢᠭᠤᠯᠭ᠎ᠠ ᠠᠴᠠ ᠡᠬᠢᠯᠡᠨ | ᠠᠳᠬᠤᠵᠤ᠂ ᠤᠳᠤᠷᠢᠳᠬᠤ ᠺᠠᠳ᠋ᠷ ᠠᠴᠠ ᠡᠬᠢᠯᠡᠨ ᠵᠠᠯᠠᠷᠠᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ | ᠨᠥᠯᠥᠭᠡᠯᠡᠬᠦ᠂ ᠦᠨᠳᠦᠰᠦᠨ ᠱᠠᠲᠤᠨ ᠤ ᠳᠠᠷᠤᠭᠠᠰᠤ ᠶᠢ ᠬᠦᠨᠳᠦᠷᠡᠭᠦᠯᠬᠦ᠂ ᠡᠷᠬᠡ ᠶᠢᠨ ᠦᠵᠡᠯᠲᠡ ᠭᠠᠵᠢᠭᠤᠳᠠᠭᠰᠠᠨ | ᠵᠠᠰᠠᠭ ᠤᠨ ᠠᠵᠢᠯ ᠤᠨ ᠪᠦᠳᠦᠮᠵᠢ ᠶᠢᠨ ᠦᠵᠡᠯᠲᠡ ᠲᠥᠪ ᠪᠤᠰᠤ ᠵᠡᠷᠭᠡ ᠠᠰᠠᠭᠤᠳᠠᠯ ᠢ ᠡᠷᠡᠰ ᠵᠠᠯᠠᠷᠠᠭᠤᠯᠬᠤ ᠬᠡᠷᠡᠭᠲᠡᠢ | ᠃ | ᠲᠠᠪᠤᠳᠤᠭᠠᠷ ᠲᠤ᠂ ᠴᠢᠩᠭ᠎ᠠ ᠪᠠᠶᠢᠬᠤ ᠦᠨᠳᠦᠰᠦᠨ ᠭᠦᠭ ᠠᠶᠠᠰ ᠢ ᠲᠣᠪᠤᠶᠢᠯᠭᠠᠨ ᠨᠠᠮ ᠤᠨ ᠰᠠᠬᠢᠯᠭ᠎ᠠ | ᠪᠠᠲᠤ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠬᠡᠷᠡᠭᠲᠡᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠰᠠᠬᠢᠯᠭ᠎ᠠ | ᠪᠠᠲᠤ ᠶᠢᠨ ᠰᠢᠢᠳᠬᠡᠯ ᠥᠭᠬᠦ ᠳᠦᠷᠢᠮ ᠢ ᠰᠤᠷᠤᠯᠴᠠᠨ ᠲᠤᠭᠤᠰᠢᠯᠠᠭᠤᠯᠬᠤ ᠪᠠᠷ ᠠᠵᠠ ᠲᠣᠭᠢᠶᠠᠯ ᠪᠣᠯᠭᠠᠨ ᠰᠠᠬᠢᠯᠭ᠎ᠠ | ᠪᠠᠲᠤ ᠶᠢᠨ ᠬᠥᠮᠦᠵᠢᠯ ᠢ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠠᠷᠢᠨ | ᠬᠢᠨᠠᠮᠠᠭᠠᠢ ᠥᠷᠨᠢᠭᠦᠯᠦᠨ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠶᠢ ᠠᠩᠬᠠᠷᠤᠯ ᠳᠠᠭᠠᠨ ᠠᠪᠬᠤ ᠦᠭᠡᠢ᠂ | ᠣᠶᠢᠯᠠᠭᠠᠬᠤ ᠦᠭᠡᠢ ᠪᠠᠶᠢᠬᠤ᠂ ᠡᠵᠡᠮᠰᠢᠬᠦ ᠦᠭᠡᠢ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ︽ | ᠳᠥᠷᠪᠡᠨ ᠵᠦᠢᠯ ᠤᠨ ᠭᠡᠯᠪᠡᠷᠢ︾ ᠢ ᠵᠢᠷᠤᠮᠵᠢᠭᠤᠯᠤᠨ ᠬᠡᠷᠡᠭᠯᠡᠬᠦ ᠪᠠᠷ ᠤᠳᠤᠷᠢᠳᠤᠮᠵᠢ ᠪᠣᠯᠭᠠᠨ ᠰᠠᠬᠢᠯᠭ᠎ᠠ ᠪᠠᠲᠤ ᠶᠢ | ᠴᠢᠩᠭ᠎ᠠ ᠬᠡᠷᠡᠭᠵᠢᠭᠦᠯᠵᠦ᠂ ᠰᠠᠬᠢᠯᠭ᠎ᠠ ᠪᠠᠲᠤ ᠶᠢ ᠵᠥᠷᠢᠴᠡᠭᠰᠡᠨ ᠬᠡᠮᠵᠢᠶ᠎ᠡ ᠶᠢᠨ ᠰᠢᠨᠵᠢ ᠴᠢᠨᠠᠷ ᠢ ᠤᠨᠤᠪᠴᠢᠳᠠᠢ | ᠲᠣᠭᠲᠠᠭᠠᠵᠤ ᠬᠠᠤᠯᠢ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠢ᠃ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ | ᠪᠣᠳᠠᠲᠠᠢ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠨ ᠨᠠᠮ ᠢ ᠬᠠᠮᠢᠶᠠᠷᠴᠤ ᠨᠠᠮ ᠢ ᠵᠠᠰᠠᠬᠤ ᠬᠠᠮᠲᠤᠷᠠᠯ ᠬᠦᠴᠦᠨ ᠢ | ᠨᠢᠭᠲᠠᠷᠠᠭᠤᠯᠵᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠨᠢᠭᠡᠳᠦᠯᠲᠡᠢ ᠵᠣᠬᠢᠴᠠᠭᠤᠯᠬᠤ | ᠬᠠᠷᠢᠭᠤᠴᠠᠯᠭ᠎ᠠ ᠶᠢᠨ ᠪᠠᠶᠢᠷᠢᠰᠢᠯ ᠢ ᠪᠦᠷᠢᠨᠰᠢᠭᠦᠯᠬᠦ ᠬᠡᠷᠡᠭᠲᠡᠢ᠃ ᠬᠠᠷᠢᠭᠤᠴᠠᠯᠭ᠎ᠠ ᠲᠤᠯᠭᠠᠬᠤ ᠳᠦᠷᠢᠮ ᠢ | ᠲᠡᠭᠦᠯᠳᠡᠷᠵᠢᠭᠦᠯᠬᠦ ᠬᠡᠷᠡᠭᠲᠡᠢ᠃ | ᠵᠢᠷᠭᠤᠳᠤᠭᠠᠷ ᠲᠤ᠂ ᠤᠯᠤᠰ ᠲᠦᠷᠦ ᠶᠢᠨ ᠪᠠᠶᠢᠷᠢ ᠲᠣᠭᠲᠠᠭᠠᠯᠲᠠ ᠶᠢ ᠲᠣᠪᠤᠶᠢᠯᠭᠠᠨ ᠲᠣᠭᠤᠷᠢᠨ ᠦᠵᠡᠵᠦ | ᠲᠣᠭᠤᠷᠢᠨ ᠪᠠᠶᠢᠴᠠᠭᠠᠬᠤ ᠶᠢ ᠭᠦᠨᠵᠡᠭᠡᠶᠢᠷᠡᠭᠦᠯᠬᠦ ᠬᠡᠷᠡᠭᠲᠡᠢ᠃ ᠲᠣᠭᠤᠷᠢᠨ ᠪᠠᠶᠢᠴᠠᠭᠠᠬᠤ ᠶᠢ ᠪᠦᠭᠦᠨ ᠢ ᠪᠦᠷᠬᠦᠭᠦᠯᠬᠦ ᠶᠢ | ᠯᠠᠪᠳᠠᠭᠤᠨ ᠪᠠᠲᠤᠲᠠᠢ ᠠᠬᠢᠭᠤᠯᠵᠤ᠂ ᠲᠡᠰ ᠳᠡᠪᠰᠢᠭᠦᠯᠦᠨ ᠲᠣᠭᠤᠷᠢᠨ ᠪᠠᠶᠢᠴᠠᠭᠠᠬᠤ᠂ ᠬᠤᠯᠪᠤᠭᠠᠯᠠᠨ ᠲᠣᠭᠤᠷᠢᠨ | ᠪᠠᠶᠢᠴᠠᠭᠠᠬᠤ ᠶᠢ ᠭᠦᠨᠵᠡᠭᠡᠢ ᠰᠦᠪᠡᠭᠴᠢᠯᠡᠵᠦ᠂ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠲᠠ ᠶᠢᠨ | ᠲᠣᠭᠤᠷᠢᠨ ᠪᠠᠶᠢᠴᠠᠭᠠᠬᠤ ᠠᠵᠢᠯ ᠢ ᠵᠢᠭᠠᠨ ᠵᠢᠯᠤᠭᠤᠳᠴᠤ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠵᠤ᠂ | ᠲᠥᠪ ᠤᠨ ᠨᠢᠭᠡᠴᠢ ᠶᠢᠨ ᠳᠣᠲᠣᠭᠠᠳᠤ ᠶᠢᠨ ᠲᠣᠭᠤᠷᠢᠨ ᠪᠠᠶᠢᠴᠠᠭᠠᠯᠲᠠ ᠶᠢ ᠬᠡᠰᠡᠭ ᠬᠤᠪᠢᠶᠠᠨ᠂ ᠠᠵᠢᠯ ᠲᠦᠷᠦᠯ | ᠬᠤᠪᠢᠶᠠᠨ ᠵᠢᠯᠤᠭᠤᠳᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠬᠤᠲᠠ ᠰᠢᠶᠠᠨ ᠤ ᠲᠣᠭᠤᠷᠢᠨ | ᠪᠠᠶᠢᠴᠠᠭᠠᠯᠲᠠ ᠶᠢ ᠦᠨᠳᠦᠰᠦᠨ ᠱᠠᠲᠤ ᠲᠡᠶᠢᠰᠢ ᠤᠷᠲᠤᠳᠬᠠᠬᠤ ᠶᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ᠃ | ᠲᠣᠭᠤᠷᠢᠨ ᠪᠠᠶᠢᠴᠠᠭᠠᠬᠤ ᠠᠵᠢᠯ ᠤᠨ ᠳᠦᠷᠢᠮ ᠢ ᠰᠤᠷᠤᠯᠴᠠᠨ ᠲᠤᠭᠤᠰᠢᠯᠠᠭᠤᠯᠵᠤ᠂ ᠲᠣᠭᠤᠷᠢᠨ ᠪᠠᠶᠢᠴᠠᠭᠠᠭᠳᠠᠬᠤ | ᠨᠠᠮ ᠤᠨ ᠵᠣᠬᠢᠶᠠᠨ ᠪᠠᠶᠢᠭᠤᠯᠤᠯᠲᠠ ᠲᠥᠪ ᠤᠨ ᠲᠣᠭᠤᠷᠢᠨ ᠪᠠᠶᠢᠴᠠᠭᠠᠬᠤ ᠠᠵᠢᠯ ᠳᠤ ᠬᠠᠮᠵᠢᠯᠴᠠᠬᠤ ᠲᠣᠭᠲᠠᠭᠠᠯ | ᠵᠡᠷᠭᠡ ᠳᠤ ᠵᠠᠰᠠᠪᠤᠷᠢ ᠣᠷᠣᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠦᠭᠦ ᠦᠶᠡᠯᠡᠯ ᠤᠨ | ᠬᠤᠭᠤᠴᠠᠭ᠎ᠠ ᠶᠢ ᠬᠠᠮᠤᠷᠤᠭᠰᠠᠨ ᠬᠠᠷᠢᠭᠤᠴᠠᠯᠭ᠎ᠠ ᠶᠢᠨ ᠰᠢᠰᠲ᠋ᠧᠮ ᠪᠠ ᠳᠦᠷᠢᠮ ᠤᠨ ᠶᠠᠪᠤᠴᠠ ᠶᠢ ᠪᠠᠶᠢᠭᠤᠯᠬᠤ | ᠬᠡᠷᠡᠭᠲᠡᠢ᠃ | ᠳᠣᠯᠣᠳᠤᠭᠠᠷ ᠲᠤ᠂ ᠵᠢᠷᠤᠮᠵᠢᠭᠤᠯᠬᠤ᠂ ᠬᠠᠤᠯᠢᠵᠢᠭᠤᠯᠬᠤ᠂ ᠵᠢᠩᠬᠢᠨᠢᠴᠢᠯᠡᠬᠦ ᠶᠢ ᠲᠣᠪᠤᠶᠢᠯᠭᠠᠨ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠳᠦᠷᠢᠮ ᠤᠨ ᠪᠠᠶᠢᠭᠤᠯᠤᠯᠲᠠ ᠶᠢ | ᠭᠦᠨᠵᠡᠭᠡᠶᠢᠷᠡᠭᠦᠯᠬᠦ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ | ᠪᠠᠶᠢᠭᠤᠯᠭ᠎ᠠ ᠶᠢᠨ ᠳᠣᠲᠣᠭᠠᠳᠤ ᠪᠠᠶᠢᠭᠤᠯᠤᠮᠵᠢ ᠶᠢᠨ ᠲᠣᠬᠢᠷᠠᠭᠤᠯᠤᠯᠲᠠ᠂ ᠡᠭᠦᠷᠭᠡ ᠴᠢᠳᠠᠪᠬᠢ ᠶᠢᠨ ᠲᠣᠬᠢᠷᠠᠭᠤᠯᠤᠯᠲᠠ᠂ | ᠬᠦᠴᠦᠨ ᠤ ᠲᠣᠬᠢᠷᠠᠭᠤᠯᠤᠯᠲᠠ ᠶᠢ ᠲᠡᠭᠦᠯᠳᠡᠷᠵᠢᠭᠦᠯᠬᠦ ᠬᠡᠷᠡᠭᠲᠡᠢ᠃ ᠲᠣᠮᠢᠯᠠᠨ ᠰᠠᠭᠤᠯᠭᠠᠬᠤ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠪ ᠠᠴᠠ ᠬᠠᠮᠢᠶᠠᠷᠴᠤ ᠪᠠᠶᠢᠭ᠎ᠠ ᠶᠡᠭᠡ ᠳᠡᠭᠡᠳᠦ ᠰᠤᠷᠭᠠᠭᠤᠯᠢ ᠶᠢᠨ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠪᠣᠯᠣᠨ ᠣᠷᠣᠨ ᠨᠤᠲᠤᠭ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠠᠮᠲᠤᠷᠠᠨ ᠬᠢᠨᠠᠨ ᠪᠠᠶᠢᠴᠠᠭᠠᠬᠤ ᠪᠠᠶᠢᠴᠠᠭᠠᠯᠲᠠ ᠥᠷᠨᠢᠭᠦᠯᠬᠦ | ᠰᠠᠨᠠᠯ ᠢ ᠲᠣᠭᠲᠠᠭᠠᠵᠤ᠂ ᠡᠯ᠎ᠡ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠳᠠ ᠶᠢᠨ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠢ ᠵᠢᠯᠣᠭᠤᠳᠤᠨ ᠮᠤᠵᠢ ᠶᠢᠨ ᠬᠠᠷᠢᠶ᠎ᠠ ᠶᠡᠭᠡ ᠳᠡᠭᠡᠳᠦ | ᠰᠤᠷᠭᠠᠭᠤᠯᠢ ᠪᠣᠯᠣᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠳᠤᠭᠤᠶᠢᠯᠠᠩ ᠲᠣᠮᠢᠯᠠᠨ ᠰᠠᠭᠤᠯᠭᠠᠬᠤ ᠲᠤᠷᠰᠢᠯᠲᠠ ᠶᠢᠨ ᠴᠡᠭ ᠢ ᠥᠷᠨᠢᠭᠦᠯᠵᠦ᠂ ᠰᠢᠭᠤᠳ ᠬᠠᠮᠢᠶᠠᠷᠬᠤ | ᠰᠢᠰᠲ᠋ᠧᠮ ᠤᠨ ᠮᠤᠵᠢ ᠶᠢᠨ ᠱᠠᠲᠤᠨ ᠠᠴᠠ ᠳᠣᠷᠣᠭᠰᠢᠬᠢ ᠨᠢᠭᠡᠴᠢ ᠳᠤ ᠡᠷᠬᠡ ᠲᠤᠰᠢᠶᠠᠯ ᠢᠶᠠᠨ ᠠᠰᠢᠭᠯᠠᠨ ᠶᠠᠯ᠎ᠠ | ᠬᠢᠭᠰᠡᠨ ᠰᠡᠵᠢᠭᠯᠡᠯᠲᠡᠢ ᠬᠡᠷᠡᠭ ᠢ ᠬᠠᠮᠢᠶᠠᠷᠬᠤ ᠪᠠ ᠬᠢᠨᠠᠨ ᠪᠠᠶᠢᠴᠠᠭᠠᠬᠤ ᠠᠷᠭ᠎ᠠ ᠬᠡᠮᠵᠢᠶ᠎ᠡ ᠶᠢ ᠬᠡᠷᠡᠭᠯᠡᠬᠦ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠥᠷᠨᠢᠭᠦᠯᠬᠦ ᠬᠡᠷᠡᠭᠲᠡᠢ᠃ ︽ᠳᠤᠭᠤᠶᠢᠯᠠᠩ ᠳᠤᠭᠤᠶᠢᠯᠠᠩ ᠤᠨ | ᠬᠤᠭᠤᠷᠣᠨᠳᠤ︾ ᠪᠠᠨ ᠬᠠᠮᠵᠢᠯᠴᠠᠨ ᠬᠢᠨᠠᠯᠲᠠ ᠲᠠᠯᠪᠢᠬᠤ᠂ ︽ᠲᠠᠰᠤᠭ ᠳᠤᠭᠤᠶᠢᠯᠠᠩ ᠤᠨ ᠬᠤᠭᠤᠷᠣᠨᠳᠤ︾ ᠪᠠᠨ | ᠬᠤᠯᠪᠤᠭᠠᠯᠠᠨ ᠬᠢᠨᠠᠯᠲᠠ ᠲᠠᠯᠪᠢᠬᠤ᠂ ︽ᠲᠠᠰᠤᠭ ᠳᠤᠭᠤᠶᠢᠯᠠᠩ ᠭᠠᠵᠠᠷ ᠣᠷᠣᠨ ᠤ ᠬᠤᠭᠤᠷᠣᠨᠳᠤ︾ ᠪᠠᠨ | ᠬᠤᠯᠪᠤᠭᠠᠯᠠᠨ ᠬᠡᠷᠡᠭ ᠰᠢᠢᠳᠪᠦᠷᠢᠯᠡᠬᠦ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠬᠦ ᠬᠡᠷᠡᠭᠲᠡᠢ᠃ ᠨᠠᠮ ᠤᠨ ᠲᠥᠪ | ᠬᠤᠷᠢᠶ᠎ᠠ ᠶᠢᠨ ︽ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠭᠡᠰᠢᠭᠦᠨ ᠳᠤ ᠰᠢᠢᠳᠬᠡᠯ ᠥᠭᠬᠦ ᠤᠴᠢᠷ | ᠶᠠᠪᠤᠳᠠᠯ ᠢ ᠶᠠᠷᠢᠯᠴᠠᠨ ᠲᠣᠭᠲᠠᠭᠠᠬᠤ ᠠᠵᠢᠯ ᠤᠨ ᠵᠢᠷᠤᠮ ᠲᠣᠭᠲᠠᠭᠠᠯ ︵ᠲᠤᠷᠰᠢᠨ ᠬᠡᠷᠡᠭᠵᠢᠭᠦᠯᠬᠦ︶︾ ᠵᠡᠷᠭᠡ ᠳᠤ | ᠵᠠᠰᠠᠪᠤᠷᠢ ᠣᠷᠣᠭᠤᠯᠬᠤ ᠳᠤ ᠬᠠᠮᠵᠢᠬᠤ ᠬᠡᠷᠡᠭᠲᠡᠢ᠃ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠪᠠᠷ | ᠤᠳᠤᠷᠢᠳᠤᠮᠵᠢ ᠪᠤᠯᠭᠠᠬᠰᠠᠨ᠂ ᠡᠯ᠎ᠡ ᠲᠦᠷᠦᠯ ᠤᠨ ᠬᠢᠨᠠᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠶᠢ | ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠵᠦ᠂ ︽ | ᠨᠢᠭᠡᠳᠦᠭᠡᠷ ᠬᠠᠷᠢᠭᠤᠴᠠᠯᠭᠠᠲᠠᠨ︾ ᠪᠠ ᠤᠳᠤᠷᠢᠳᠬᠤ ᠪᠠᠭ ᠤᠨ ᠬᠢᠨᠠᠯᠲᠠ ᠶᠢ ᠴᠢᠩᠭᠠᠳᠬᠠᠬᠤ ᠬᠡᠷᠡᠭᠲᠡᠢ᠃ | ᠲᠣᠭᠠᠴᠢᠯᠠᠭᠰᠠᠨ ᠮᠡᠷᠭᠡᠵᠢᠯ ᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠡᠯ᠎ᠡ ᠵᠦᠢᠯ ᠤᠨ ᠲᠤᠬᠠᠶᠢᠯᠠᠭᠰᠠᠨ | ᠠᠵᠢᠯ ᠳᠤ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ᠂ ᠨᠢᠭᠡ ᠴᠣᠭᠴᠠᠵᠢᠭᠤᠯᠤᠭᠰᠠᠨ ᠠᠵᠢᠯ ᠤᠨ ᠲᠠᠪᠴᠠᠩ ᠢ | ᠪᠠᠶᠢᠭᠤᠯᠬᠤ ᠬᠡᠷᠡᠭᠲᠡᠢ᠃ | ᠨᠠᠢᠮᠠᠳᠤᠭᠠᠷ ᠲᠤ᠂ ᠲᠤᠶᠢᠯᠪᠤᠷᠢᠲᠠᠢ ᠥᠪᠡᠷ ᠪᠡᠶ᠎ᠡ ᠶᠢᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠲᠣᠪᠤᠶᠢᠯᠭᠠᠨ | ᠪᠠᠳᠠᠷᠠᠭᠤᠯᠵᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠲᠤᠰ ᠪᠡᠶ᠎ᠡ ᠶᠢᠨ | ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠬᠡᠷᠡᠭᠲᠡᠢ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠲᠦᠷᠦᠭᠦᠯᠡᠨ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠪᠦᠭᠦ | ᠰᠢᠰᠲ᠋ᠧᠮ ᠤᠨ ᠥᠪᠡᠷ ᠤᠨ ᠪᠡᠶ᠎ᠡ ᠶᠢᠨ ᠬᠤᠪᠢᠰᠬᠠᠯ ᠤᠨ ᠥᠯᠢᠭᠡᠷ ᠳᠠᠭᠤᠷᠢᠶᠠᠯ᠂ ᠳᠦᠷᠢᠮ ᠲᠣᠭᠲᠠᠭᠠᠯ ᠢ ᠵᠢᠷᠤᠮᠯᠠᠨ | ᠰᠠᠬᠢᠯᠭ᠎ᠠ ᠪᠠᠲᠤ ᠶᠢ ᠰᠠᠬᠢᠬᠤ ᠬᠡᠪ ᠳᠠᠭᠤᠷᠢᠶᠠᠯ ᠪᠤᠯᠬᠤ ᠶᠢ ᠳᠠᠶᠢᠴᠢᠯᠠᠬᠤ ᠬᠡᠷᠡᠭᠲᠡᠢ᠃ ᠦᠵᠡᠯ ᠰᠠᠨᠠᠭᠠᠨ ᠤ ᠲᠠᠯ᠎ᠠ ᠪᠠᠷ | ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠵᠦ᠂ ᠤᠯᠤᠰ ᠲᠦᠷᠦ ᠶᠢᠨ ᠬᠥᠮᠦᠵᠢᠯ᠂ ᠨᠠᠮᠴᠢ ᠴᠢᠨᠠᠷ ᠤᠨ | ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠬᠠᠷᠢᠴᠠᠯᠠᠰᠢᠭᠦᠢ ᠦᠨᠡᠨᠴᠢ ᠰᠢᠳᠤᠷᠭᠤ᠂ ᠬᠠᠷᠢᠴᠠᠯᠠᠰᠢᠭᠦᠢ | ᠨᠠᠶᠢᠳᠠᠪᠤᠷᠢᠲᠠᠢ᠂ ᠬᠠᠷᠢᠴᠠᠯᠠᠰᠢᠭᠦᠢ ᠠᠷᠢᠭᠤᠨ ᠴᠡᠪᠡᠷ ᠪᠠᠶᠢᠬᠤ ᠶᠢ ᠢᠮᠠᠭᠲᠠ ᠪᠡᠶᠡᠯᠡᠭᠦᠯᠬᠦ ᠬᠡᠷᠡᠭᠲᠡᠢ᠃ ᠰᠤᠷᠲᠠᠯ ᠤᠨ | ᠲᠠᠯ᠎ᠠ ᠪᠠᠷ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠵᠦ᠂ ︽ᠭᠤᠷᠪᠠᠨ ᠡᠷᠬᠡᠪᠰᠢ︾ ᠶᠢ ᠪᠠᠲᠤ ᠴᠡᠭᠡᠵᠢᠯᠡᠵᠦ | ᠂ ︽ᠭᠤᠷᠪᠠᠨ ᠴᠢᠩᠭ᠎ᠠ ᠭᠤᠷᠪᠠᠨ ᠪᠣᠳᠠᠲᠠᠢ︾ ᠶᠢ ᠦᠢᠯᠡᠳᠦᠯᠭᠡᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠲᠣᠭᠲᠠᠯ | ᠬᠦᠴᠦᠨ ᠢᠶᠠᠨ ᠪᠠᠲᠤᠯᠠᠵᠤ᠂ ᠲᠡᠮᠡᠴᠡᠯ ᠤᠨ ᠵᠣᠷᠢᠭ ᠢᠶᠠᠨ ᠪᠠᠲᠤᠳᠬᠠᠵᠤ᠂ ᠳᠦᠷᠢᠮ ᠲᠣᠭᠲᠠᠭᠠᠯ ᠰᠠᠬᠢᠯᠭ᠎ᠠ ᠪᠠᠲᠤ | ᠬᠠᠤᠯᠢ ᠴᠠᠭᠠᠵᠠ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠠᠷᠢᠭᠤᠨ ᠴᠢᠬᠡᠴᠢ ᠶᠢᠨ | ᠲᠠᠯ᠎ᠠ ᠪᠠᠷ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠵᠦ᠂ ᠺᠠᠳ᠋ᠷ ᠤᠨ ᠡᠩᠨᠡᠭᠡ ᠳᠤ ᠣᠷᠣᠰᠢᠵᠤ ᠪᠠᠶᠢᠭ᠎ᠠ | ᠲᠣᠪᠣᠶᠢᠮ᠎ᠠ ᠠᠰᠠᠭᠤᠳᠠᠯ ᠢ ᠪᠠᠶᠢᠩᠭᠤ ᠪᠠᠶᠢᠴᠠᠭᠠᠨ ᠦᠵᠡᠵᠦ᠂ ᠬᠢᠲᠤᠭᠠᠨ ᠢᠷ ᠢᠶᠠᠨ ᠳᠣᠲᠣᠭᠰᠢ ᠬᠠᠨᠳᠤᠭᠤᠯᠵᠤ | ᠪᠦᠭᠦᠳᠡ ᠶᠢ ᠲᠦᠢᠳᠦᠭᠴᠢ ᠶᠢ ᠠᠷᠢᠯᠭᠠᠵᠤ᠂ ︽ᠳᠡᠷᠭᠡᠳᠡᠬᠢ ᠠᠰᠠᠭᠤᠳᠠᠯ ᠢᠶᠠᠨ ᠣᠯᠵᠤ ᠬᠠᠷᠠᠬᠤ ᠦᠭᠡᠢ︾ | ᠪᠠᠶᠢᠳᠠᠯ ᠢ ᠡᠷᠡᠰ ᠰᠡᠷᠭᠡᠶᠢᠯᠡᠨ ᠵᠠᠰᠠᠬᠤ ᠬᠡᠷᠡᠭᠲᠡᠢ᠃ ᠴᠢᠩᠭ᠎ᠠ ᠬᠠᠮᠢᠶᠠᠷᠬᠤ ᠲᠠᠯ᠎ᠠ ᠪᠠᠷ ᠵᠣᠷᠢᠭᠲᠠᠢ ᠪᠠᠷ ᠥᠪᠡᠷ | ᠪᠡᠶ᠎ᠡ ᠶᠢᠨ ᠬᠤᠪᠢᠰᠬᠠᠯ ᠬᠢᠵᠦ᠂ ᠺᠠᠳ᠋ᠷ ᠲᠤ ᠪᠠᠶᠢᠩᠭᠤ ᠶᠢᠨ ᠴᠢᠨᠠᠷᠲᠠᠢ ᠬᠢᠨᠠᠯᠲᠠ ᠲᠠᠯᠪᠢᠬᠤ ᠶᠢ ᠨᠠᠷᠢᠯᠢᠭ ᠪᠣᠳᠠᠲᠠᠢ | ᠬᠢᠵᠦ᠂ ᠬᠢᠨᠠᠨ ᠪᠠᠶᠢᠴᠠᠭᠠᠬᠤ ᠲᠤᠰᠢᠶᠠᠯᠲᠠᠨ ᠤ ᠠᠵᠢᠯ ᠮᠡᠷᠭᠡᠵᠢᠯ ᠤᠨ ᠪᠠᠲᠤᠯᠠᠭ᠎ᠠ ᠶᠢᠨ ᠢᠵᠢ ᠪᠦᠷᠢᠳᠦᠭᠰᠡᠨ | ᠳᠦᠷᠢᠮ ᠢ ᠲᠡᠭᠦᠯᠳᠡᠷᠵᠢᠭᠦᠯᠵᠦ᠂ ᠺᠠᠳ᠋ᠷ ᠤᠨ ᠰᠡᠳᠬᠢᠯ ᠠᠮᠤᠷ ᠢᠶᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠳᠤᠷᠠᠳᠤᠨ | ᠭᠠᠷᠭᠠᠵᠠᠢ᠃ | ᠪᠦᠭᠦᠳᠠ ᠬᠤᠷᠠᠯ ᠠᠴᠠ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠦᠨᠡᠨᠴᠢ | ᠰᠢᠳᠤᠷᠭᠤ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ | ᠳᠦᠷᠰᠦ ᠪᠠᠶᠢᠳᠠᠯ᠂ ᠡᠭᠦᠷᠢᠳᠡ ᠴᠥᠬᠦᠷᠡᠰᠢ ᠦᠭᠡᠢ ᠪᠠᠶᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠢᠨ᠎ᠡ | ᠠᠶᠠᠨ ᠳᠠᠬᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ | ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠤᠷᠢᠶᠠᠯᠠᠪᠠ︕ | | | | | | | | | | | | | | | |