ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠰᠠᠯᠠᠭ᠎ᠠ ᠮᠥᠴᠢᠷ ᠤᠨ ᠲᠥᠰᠦᠪ ᠤᠨ ᠭᠦᠢᠴᠡᠳᠬᠡᠯ ᠤᠨ ᠠᠵᠢᠯ ᠳᠠᠬᠢᠨᠲᠠ ᠲᠡᠷᠢᠭᠦᠨ ᠤ ᠠᠮᠵᠢᠯᠲᠠ ᠣᠯᠪᠠ
ᠨᠡᠶᠢᠲᠡᠯᠡᠭᠰᠡᠨ ᠴᠠᠭ᠄
2024/1/2
      ᠣᠶᠢᠷ᠎ᠠ ᠳᠤ᠂ ᠤᠯᠠᠭᠠᠨᠬᠠᠳᠠ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2022 ᠣᠨ ᠤ ᠪᠥᠬᠦ ᠬᠤᠲᠠ ᠶᠢᠨ ᠰᠠᠯᠠᠭ᠎ᠠ ᠮᠥᠴᠢᠷ ᠤᠨ ᠲᠥᠰᠦᠪ ᠤᠨ ᠭᠦᠢᠴᠡᠳᠬᠡᠯ ᠤᠨ ᠠᠵᠢᠯ ᠤᠨ ᠲᠡᠷᠢᠭᠦᠨ ᠤ ᠭᠠᠵᠠᠷ ᠣᠷᠣᠨ ᠪᠠ ᠲᠡᠷᠢᠭᠦᠨ ᠤ ᠨᠢᠭᠡᠴᠢ ᠶᠢ ᠬᠥᠬᠢᠭᠦᠯᠦᠨ ᠰᠠᠶᠢᠰᠢᠶᠠᠵᠤ᠂ ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ 2021 ᠣᠨ ᠳᠤ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠭᠰᠠᠨ ᠤ ᠳᠠᠷᠠᠭ᠎ᠠ᠂ ︽2022 ᠣᠨ ᠤ ᠪᠥᠬᠦ ᠬᠤᠲᠠ ᠶᠢᠨ ᠰᠠᠯᠠᠭ᠎ᠠ ᠮᠥᠴᠢᠷ ᠤᠨ ᠲᠥᠰᠦᠪ ᠤᠨ ᠭᠦᠢᠴᠡᠳᠬᠡᠯ ᠤᠨ ᠲᠡᠷᠢᠭᠦᠨ ᠤ ᠭᠠᠵᠠᠷ ᠣᠷᠣᠨ︾ ᠢᠶᠠᠷ ᠳᠠᠬᠢᠨᠲᠠ ᠦᠨᠡᠯᠡᠭᠳᠡᠪᠡ᠃    ᠣᠶᠢᠷ᠎ᠠ ᠶᠢᠨ ᠵᠢᠯ ᠳᠤ᠂ ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠰᠠᠯᠠᠭ᠎ᠠ ᠮᠥᠴᠢᠷ ᠤᠨ ᠲᠥᠰᠦᠪ ᠤᠨ ᠭᠦᠢᠴᠡᠳᠬᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠥᠰᠦᠪ ᠤᠨ ᠭᠦᠢᠴᠡᠳᠬᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠲᠥᠰᠦᠪ ᠤᠨ ᠭᠦᠢᠴᠡᠳᠬᠡᠯ ᠤᠨ ᠬᠠᠮᠢᠶᠠᠷᠤᠯᠲᠠ ᠶᠢᠨ ᠲᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠰᠠᠯᠠᠭ᠎ᠠ ᠮᠥᠴᠢᠷ ᠤᠨ ᠲᠥᠰᠦᠪ ᠤᠨ ᠭᠦᠢᠴᠡᠳᠬᠡᠯ ᠤᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠨᠠᠷᠢᠨ ᠨᠢᠮᠪᠠᠶ ᠵᠣᠬᠢᠶᠠᠨ ᠪᠠᠶᠢᠭᠤᠯᠬᠤ ᠂ ᠲᠤᠭ᠎ᠠ ᠪᠠᠷᠢᠮᠲᠠ ᠦᠨᠡᠨ ᠪᠣᠳᠠᠲᠠᠶ᠂ ᠠᠭᠤᠯᠭ᠎ᠠ ᠪᠦᠷᠢᠨ ᠪᠦᠲᠦᠨ᠂ ᠴᠠᠭ ᠲᠤᠬᠠᠶ ᠳᠤᠨᠢ ᠮᠡᠳᠡᠭᠦᠯᠦᠨ ᠬᠦᠷᠭᠡᠬᠦ᠂ ᠢᠯᠡ ᠨᠡᠶᠢᠲᠡᠯᠡᠬᠦ ᠪᠥᠬᠦ ᠲᠠᠯ᠎ᠠ ᠶᠢᠨ᠂ ᠲᠥᠰᠦᠪ ᠤᠨ ᠭᠦᠢᠴᠡᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠨᠡᠯᠢᠶᠡᠳ ᠥᠨᠳᠥᠷ ᠪᠠᠶᠢᠯᠭᠠᠬᠤ ᠶᠢ ᠪᠠᠲᠤᠯᠠᠵᠤ᠂ ᠠᠣᠬᠠᠨ ᠬᠤᠰᠢᠭᠤᠨ ᠤ ᠡᠳ᠋ ᠤᠨ ᠶᠠᠪᠤᠳᠠᠯ ᠤᠨ ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠪᠠ᠃    ᠲᠣᠰ ᠤᠳᠠᠭᠠᠨ ᠤ ᠬᠥᠬᠢᠭᠦᠯᠦᠯ ᠪᠣᠯ ᠰᠠᠯᠠᠭ᠎ᠠ ᠮᠥᠴᠢᠷ ᠤᠨ ᠲᠥᠰᠦᠪ ᠤᠨ ᠭᠦᠢᠴᠡᠳᠬᠡᠯ ᠤᠨ ᠠᠵᠢᠯ ᠢ ᠭᠦᠢᠴᠡᠳ ᠨᠤᠲᠠᠯᠠᠭᠰᠠᠨ ᠶᠠᠪᠤᠳᠠᠯ ᠪᠣᠯᠬᠤ ᠪᠠᠷ ᠪᠠᠷᠠᠬᠤ ᠥᠬᠡᠶ᠂ ᠨᠠᠩ ᠴᠤ ᠢᠷᠡᠭᠡᠳᠦᠶ ᠶᠢᠨ ᠠᠵᠢᠯ ᠤᠨ ᠲᠤᠬᠠᠶ ᠵᠣᠷᠢᠭᠵᠢᠭᠤᠯᠤᠯ ᠪᠠ ᠱᠠᠭᠠᠷᠳᠠᠯᠭ᠎ᠠ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠦᠷᠭᠦᠯᠵᠢᠯᠡᠨ ᠴᠢᠩᠭ᠎ᠠ ᠨᠢᠮᠪᠠᠶ ᠠᠵᠢᠯ ᠤᠨ ᠰᠤᠷᠲᠠᠯ ᠢᠶᠠᠨ ᠪᠠᠲᠤᠯᠠᠵᠤ᠂ ︽ᠦᠨᠡᠨ ᠪᠣᠳᠠᠲᠠᠶ ᠂ ᠣᠨᠣᠪᠴᠢᠲᠠᠶ᠂ ᠪᠦᠷᠢᠨ ᠪᠦᠲᠦᠨ᠂ ᠴᠠᠭ ᠲᠤᠬᠠᠶ ᠳᠤᠨᠢ ᠪᠠᠶᠢᠬᠤ︾ ᠵᠠᠷᠴᠢᠮ ᠢ ᠵᠢᠷᠤᠮᠯᠠᠨ᠂ ᠲᠥᠰᠦᠪ ᠤᠨ ᠭᠦᠢᠴᠡᠳᠬᠡᠯ ᠤᠨ ᠬᠠᠮᠢᠶᠠᠷᠤᠯᠲᠠ ᠶᠢ ᠵᠢᠷᠤᠮᠵᠢᠭᠤᠯᠬᠤ᠂ ᠨᠠᠷᠢᠯᠢᠬᠵᠢᠭᠤᠯᠬᠤ᠂ ᠮᠡᠳᠡᠭᠡ ᠵᠠᠩᠭᠢᠵᠢᠭᠤᠯᠬᠤ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂  ᠡᠳ᠋ ᠤᠨ ᠵᠠᠰᠠᠭ ᠤᠨ ᠲᠣᠪᠴᠢᠶ᠎ᠠ ᠶᠢᠨ ᠡᠳ᠋ ᠤᠨ ᠶᠠᠪᠤᠳᠠᠯ ᠤᠨ ᠠᠵᠢᠯ ᠤᠨ ᠪᠦᠬᠦᠯᠢ ᠴᠣᠭᠴᠠ ᠶᠢᠨ ᠶᠠᠰᠤ ᠴᠢᠨᠠᠷ ᠦᠷ᠎ᠡ ᠪᠦᠲᠦᠮᠵᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ ᠳᠥᠯᠭᠢᠨ ᠠᠬᠢᠭᠤᠯᠵᠤ᠂ ᠡᠳ᠋ ᠤᠨ ᠵᠠᠰᠠᠭ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号