ᠰᠧ ᠳ᠋ᠤᠤ ᠸᠠᠨ ᠽᠢ ᠪᠠᠯᠭᠠᠰᠤᠨ ᠤ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠡᠯᠪᠡᠭ ᠦᠷ᠎ᠡ  ᠪᠦᠲᠦᠮᠵᠢ ᠣᠯᠪᠠ
ᠨᠡᠶᠢᠲᠡᠯᠡᠭᠰᠡᠨ ᠴᠠᠭ᠄
2024/1/24
       ᠤᠢᠢᠷ᠎ᠠ ᠶᠢᠨ ᠵᠢᠯ ᠠᠴᠠ᠂ ᠰᠧ ᠳ᠋ᠤᠤ ᠸᠠᠨ ᠽᠢ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠷᠠᠯᠵᠢᠶᠠᠴᠢᠨ ᠤᠷᠢᠬᠤ ᠬᠡᠯᠪᠡᠷᠢ ᠶᠢᠨ ᠰᠢᠨ᠎ᠡ ᠶᠢ ᠡᠭᠦᠳᠬᠦ᠂ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ᠂ ᠲᠦᠷᠦᠯ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠲᠠᠯ᠎ᠠ ᠠᠴᠠ ᠭᠠᠷᠳᠠᠵᠤ᠂ ᠠᠷᠠᠯᠵᠢᠶᠠᠴᠢᠨ ᠤᠷᠢᠵᠤ ᠪᠡᠯᠡ ᠲᠠᠲᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠪᠠ᠃ 2023 ᠣᠨ ᠳᠤ ᠪᠥᠬᠦ ᠪᠠᠯᠭᠠᠰᠤ ᠪᠠᠷ ᠢᠶᠠᠨ 3 ᠲᠥᠷᠥᠯ ᠵᠦᠢᠯ ᠢ ᠣᠷᠣᠭᠤᠯᠤᠨ ᠠᠪᠴᠢᠷᠠᠵᠤ᠂ 3500 ᠲᠦᠮᠡᠨ ᠲᠥᠭᠦᠷᠢᠭ ᠤᠨ ᠪᠠᠯᠠ ᠮᠥᠩᠭᠦ ᠶᠢ ᠣᠷᠣᠭᠤᠯᠤᠨ ᠠᠪᠴᠢᠷᠠᠪᠠ᠃ ᠣᠨ ᠤ  ᠠᠷᠠᠯᠵᠢᠶᠠᠴᠢᠨ ᠤᠷᠢᠵᠤ ᠪᠡᠯᠡ  ᠲᠠᠲᠠᠬᠤ ᠬᠠᠷᠠᠯᠲᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠠᠷᠠᠯᠵᠢᠶᠠᠴᠢᠨ ᠤᠷᠢᠵᠤ ᠪᠡᠯᠡ ᠲᠠᠲᠠᠬᠤ ᠨᠢ ᠪᠦᠬᠦ ᠪᠠᠯᠭᠠᠰᠤᠨ ᠤ ᠠᠵᠤ ᠠᠬᠤᠢ ᠶᠢᠨ ᠤᠯᠠᠮ ᠨᠢᠭᠡ ᠠᠯᠬᠤᠮ ᠬᠥᠭᠵᠢᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃    ᠰᠧ ᠳ᠋ᠤᠤ ᠸᠠᠨ ᠽᠢ ᠪᠠᠯᠭᠠᠰᠤ ᠡᠬᠢ ᠪᠠᠶᠠᠯᠢᠭ ᠤᠨ ᠳᠠᠪᠠᠭᠤᠯᠢᠭ ᠪᠣᠯᠤᠨ ᠠᠵᠤ ᠦᠢᠯᠡᠰ ᠤᠨ ᠳᠠᠪᠠᠭᠤᠯᠢᠭ ᠲᠠᠭᠠᠨ ᠲᠦᠰᠢᠭᠯᠡᠨ᠂ ᠭᠠᠳᠠᠭᠰᠢ ᠭᠠᠷᠴᠤ  ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠰᠦᠯᠵᠢᠶ᠎ᠡ ᠪᠠᠷ ᠠᠷᠠᠯᠵᠢᠶᠠᠴᠢᠨ ᠤᠷᠢᠬᠤ ᠵᠡᠷᠭᠡ ᠬᠡᠯᠪᠡᠷᠢ ᠪᠠᠷ ᠠᠷᠠᠯᠵᠢᠶᠠᠴᠢᠨ ᠤᠷᠢᠵᠤ ᠪᠡᠯᠡ ᠲᠠᠲᠠᠬᠤ ᠠᠯᠬᠤᠴᠠ ᠪᠠᠨ ᠲᠦᠷᠭᠡᠳᠬᠡᠪᠡ᠃ ᠲᠡᠳᠡ ᠠᠷᠠᠯᠵᠢᠶᠠᠴᠢᠨ ᠤᠷᠢᠬᠤ ᠣᠷᠴᠢᠨ ᠲᠣᠭᠤᠷᠢᠨ ᠢᠶᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠪᠡᠯᠡ ᠣᠷᠣᠭᠤᠯᠤᠭᠴᠢ ᠳᠤ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ ᠂ ᠪᠡᠯᠡ ᠣᠷᠣᠭᠤᠯᠤᠭᠴᠢᠳ ᠤᠨ ᠠᠰᠢᠭ ᠲᠤᠰᠠ ᠶᠢ ᠬᠠᠮᠠᠭᠠᠯᠠᠵᠤ᠂ ᠠᠷᠠᠯᠵᠢᠶᠠᠴᠢᠨ ᠢ ᠳᠣᠲᠣᠨᠣᠴᠢᠯᠠᠬᠤ᠂ ᠠᠷᠠᠯᠵᠢᠶᠠᠴᠢᠨ ᠢ ᠲᠡᠳᠬᠦᠬᠦ᠂ ᠬᠤᠳᠠᠯᠳᠤᠭᠠᠴᠢᠨ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠶ ᠪᠠᠷ ᠪᠤᠢ ᠪᠣᠯᠭᠠᠵᠤ᠂ ᠭᠠᠳᠠᠷ ᠣᠷᠣᠨ ᠤ ᠠᠷᠠᠯᠵᠢᠶᠠᠴᠢᠨ ᠢ ᠲᠠᠲᠠᠵᠤ ᠠᠳᠡ ᠢᠷᠡᠭᠦᠯᠦᠨ ᠪᠡᠯᠡ ᠣᠷᠣᠭᠤᠯᠤᠨ ᠦᠢᠯᠡᠰ  ᠡᠷᠬᠢᠯᠡᠭᠦᠯᠦᠨ᠎ᠡ᠃ ᠡᠭᠦᠨ ᠤ ᠬᠠᠮᠲᠤ᠂ ᠲᠡᠳᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠥᠬᠦᠷᠡᠰᠢ ᠦᠭᠡᠢ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠨ ᠪᠦᠳᠦᠭᠡᠨ ᠪᠠᠶᠢᠭᠤᠯᠤᠯᠲᠠ ᠶᠢᠨ ᠳᠤᠮᠳᠠᠬᠢ ᠡᠯ᠎ᠡ ᠵᠦᠢᠯ ᠤᠨ ᠬᠦᠴᠢᠷᠳᠡᠯ ᠢ ᠢᠯᠠᠨ ᠳᠠᠪᠠᠵᠤ᠂ ᠭᠡᠷ᠎ᠡ ᠲᠣᠭᠲᠠᠭᠰᠠᠨ ᠲᠦᠷᠦᠯ ᠵᠦᠢᠯ ᠢ ᠡᠷᠲᠡᠬᠡᠨ ᠡᠬᠢᠯᠡᠭᠦᠯᠬᠦ ᠶᠢ ᠪᠠᠲᠤᠯᠠᠵᠤ᠂ ᠨᠠᠶᠢᠳᠠᠪᠤᠷᠢᠵᠢᠭᠤᠯᠤᠭᠰᠠᠨ ᠲᠦᠷᠦᠯ ᠵᠦᠢᠯ ᠢ ᠲᠦᠷᠭᠡᠬᠡᠨ ᠪᠠᠶᠢᠭᠤᠯᠵᠤ᠂ ᠠᠰᠢᠭᠯᠠᠯᠲᠠ ᠳᠤ ᠣᠷᠣᠭᠤᠯᠤᠭᠰᠠᠨ ᠲᠦᠷᠦᠯ ᠵᠦᠢᠯ ᠦᠢᠯᠡᠳᠪᠦᠷᠢᠯᠡᠯ ᠦᠷ᠎ᠡ ᠪᠦᠲᠦᠮᠵᠢ ᠳᠤ ᠬᠦᠷᠪᠡ ᠃ 2023 ᠣᠨ ᠳᠤ ᠪᠦᠬᠦ ᠪᠠᠯᠭᠠᠰᠤᠨ ᠤ ᠭᠡᠷ᠎ᠡ ᠲᠣᠭᠲᠠᠵᠤ ᠪᠡᠯᠡ  ᠲᠠᠲᠠᠬᠤ ᠲᠦᠷᠦᠯ ᠵᠦᠢᠯ 3 ᠪᠠᠶᠢᠵᠤ᠂ ᠨᠢᠭᠡᠨᠲᠡ ᠪᠦᠬᠦᠨ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠲᠤᠰ ᠲᠤᠰ ᠠᠤᠬᠠᠨ ᠬᠤᠰᠢᠭᠤᠨ ᠤ ᠵᠢᠦ ᠲᠢᠶᠠᠨ ᠲᠠᠷᠢᠵᠤ ᠲᠡᠵᠢᠭᠡᠨ ᠦᠷᠡᠵᠢᠭᠦᠯᠬᠦ ᠲᠠᠷᠢᠶᠠᠴᠢᠨ ᠤ ᠲᠤᠰᠬᠠᠢ ᠬᠤᠷᠰᠢᠶ᠎ᠠ 1500 ᠲᠦᠮᠡᠨ ᠲᠥᠭᠦᠷᠢᠭ ᠤᠨ ᠪᠡᠯᠡ ᠣᠷᠣᠭᠤᠯᠤᠭᠰᠠᠨ ᠵᠢᠯ ᠳᠤ 2 ᠲᠦᠮᠡᠨ ᠲᠣᠨ ᠡᠯᠳᠡᠪ ᠠᠮᠤ ᠪᠣᠯᠪᠠᠰᠤᠷᠠᠭᠤᠯᠬᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠠᠤᠬᠠᠨ ᠬᠤᠰᠢᠭᠤᠨ ᠤ ᠶᠢᠨ ᠰᠢᠤᠸᠠᠢ ᠠᠷᠠᠯᠵᠢᠶᠠᠨ ᠤ ᠬᠢᠵᠠᠭᠠᠷᠲᠤ ᠺᠣᠮᠫᠠᠨᠢ 1000 ᠲᠦᠮᠡᠨ ᠲᠥᠭᠦᠷᠢᠭ ᠤᠨ ᠪᠡᠯᠡ ᠣᠷᠣᠭᠤᠯᠤᠭᠰᠠᠨ ᠵᠢᠯ ᠳᠤ 10 ᠲᠦᠮᠡᠨ ᠲᠣᠨ ᠡᠯᠳᠡᠪ ᠠᠮᠤ ᠪᠣᠯᠪᠠᠰᠤᠷᠠᠭᠤᠯᠬᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠠᠤᠬᠠᠨ ᠬᠤᠰᠢᠭᠤᠨ ᠤ ᠶᠢᠨ ᠰᠦᠢ ᠸᠠᠩ ᠾᠧ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ 1000 ᠲᠦᠮᠡᠨ ᠲᠥᠭᠦᠷᠢᠭ ᠤᠨ ᠪᠡᠯᠡ ᠣᠷᠣᠭᠤᠯᠤᠭᠰᠠᠨ ᠵᠢᠯ ᠳᠤ 1500 ᠲᠦᠮᠡᠨ ᠡᠷᠳᠡᠨᠢ ᠰᠢᠰᠢ ᠶᠢᠨ ᠲᠦᠷᠦᠯ ᠵᠦᠢᠯ ᠪᠣᠯᠤᠨ᠎ᠠ᠃    ᠲᠥᠰᠦᠭᠡᠯᠡᠨ ᠪᠤᠳᠤᠭᠰᠠᠨ ᠢᠶᠠᠷ᠂ ᠡᠲᠡᠭᠡᠷ ᠲᠥᠷᠥᠯ ᠵᠦᠢᠯ ᠨᠢ ᠵᠢᠯ ᠪᠦᠷᠢ ᠦᠢᠯᠡᠳᠬᠦᠨ ᠤ ᠥᠷᠲᠡᠭ ᠢ 3.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠤᠬᠠᠶ ᠶᠢᠨ ᠭᠠᠵᠠᠷ ᠤᠨ ᠬᠥᠳᠡᠯᠮᠦᠷᠢ ᠬᠦᠴᠦᠨ ᠢ 350 ᠬᠥᠮᠦᠨ ᠠᠴᠠ ᠳᠡᠭᠡᠭᠰᠢ᠂ ᠲᠡᠷᠭᠡ ᠬᠥᠰᠬᠡ ᠶᠢ 200 ᠠᠴᠠ ᠳᠡᠭᠡᠭᠰᠢ ᠳᠠᠶᠢᠴᠢᠯᠠᠵᠤ᠂ ᠬᠥᠳᠡᠯᠮᠦᠷᠢ ᠬᠦᠴᠦᠨ ᠤ ᠣᠷᠣᠯᠭ᠎ᠠ ᠶᠢ 1500 ᠲᠦᠮᠡᠨ ᠲᠥᠭᠦᠷᠢᠭ  ᠪᠡᠶᠡᠯᠡᠭᠦᠯᠬᠦ ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号