ᠠᠣᠬᠠᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ 2024 ᠣᠨ ᠤ ᠬᠤᠰᠢᠭᠤᠨ ᠤ ᠲᠠᠰ ᠤᠨ ᠭᠤᠤᠯᠳᠠᠯᠭ᠎ᠠ ᠲᠠᠢ 126 ᠲᠥᠷᠥᠯ ᠵᠦᠢᠯ ᠢ  ᠲᠦᠯᠦᠪᠯᠡᠵᠦ ᠪᠣᠢ
ᠨᠡᠶᠢᠲᠡᠯᠡᠭᠰᠡᠨ ᠴᠠᠭ᠄
2024/1/24
     ᠠᠣᠬᠠᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠲᠥᠷᠥᠯ ᠵᠦᠢᠯ ᠢ ᠲᠥᠯᠥᠪᠵᠢᠭᠦᠯᠬᠦ ᠲᠤᠰᠬᠠᠶ ᠠᠩᠭᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠶ ᠪᠠᠳᠠᠷᠠᠭᠤᠯᠵᠤ᠂ 2024 ᠣᠨ ᠤ ᠲᠥᠷᠥᠯ ᠵᠦᠢᠯ ᠢ ᠲᠥᠯᠥᠪᠯᠡᠨ ᠨᠥᠭᠡᠴᠡᠯᠡᠬᠦ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠣᠳᠣᠬᠠᠨ ᠳᠤ᠂ 2024 ᠣᠨ ᠳᠤ 1000 ᠲᠦᠮᠡᠨ ᠲᠥᠭᠦᠷᠢᠭ ᠠᠴᠠ ᠳᠡᠭᠡᠭᠰᠢᠬᠢ ︵ᠨᠡᠶᠢᠭᠡᠮ ᠤᠨ ᠦᠢᠯᠡᠰ ᠤᠨ 500 ᠲᠦᠮᠡᠨ ᠲᠥᠭᠦᠷᠢᠭ ᠠᠴᠠ ᠳᠡᠭᠡᠭᠰᠢᠬᠢ︶ ᠭᠤᠤᠯᠳᠠᠯᠭ᠎ᠠ ᠲᠠᠢ 126 ᠲᠥᠷᠥᠯ ᠵᠦᠢᠯ ᠢ ᠬᠡᠷᠡᠭᠵᠢᠭᠦᠯᠬᠦ ᠪᠠᠷ ᠠᠩᠬ᠎ᠠ ᠠᠯᠬᠤᠮ ᠳᠣᠭᠲᠠᠭᠠᠵᠤ᠂ ᠶᠡᠷᠦᠩᠬᠡᠶ ᠪᠠᠯᠠ ᠣᠷᠣᠭᠤᠯᠤᠯᠲᠠ ᠨᠢ 375 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠳᠣᠲᠣᠷ᠎ᠠ 120 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠡᠭᠦᠨ ᠳᠤ᠂ 41 ᠲᠦᠷᠦᠯ ᠵᠦᠢᠯ ᠢ ᠦᠷᠭᠦᠯᠵᠢᠯᠡᠨ  ᠪᠠᠶᠢᠭᠤᠯᠵᠤ᠂ ᠶᠡᠷᠦᠩᠬᠡᠶ ᠪᠠᠯᠠ ᠣᠷᠣᠭᠤᠯᠤᠯᠲᠠ ᠨᠢ 194 ᠳ᠋ᠦᠩᠰᠢᠭᠤᠷ ᠲᠥᠭᠦᠷᠢᠭ ᠪᠠᠶᠢᠵᠤ᠂ ᠵᠢᠯ ᠳᠤ 75 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ︔ 85 ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ ᠶᠡᠷᠦᠩᠬᠡᠶ ᠪᠠᠯᠠ ᠣᠷᠣᠭᠤᠯᠤᠯᠲᠠ ᠨᠢ 181 ᠳ᠋ᠦᠩᠰᠢᠭᠤᠷ ᠲᠥᠭᠦᠷᠢᠭ ᠪᠠᠶᠢᠵᠤ᠂ ᠵᠢᠯ ᠳᠤ 45 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃    ᠲᠥᠷᠥᠯ ᠵᠦᠢᠯ ᠤᠨ ᠬᠠᠮᠢᠶᠠᠷᠤᠯᠲᠠ ᠶᠢᠨ ᠲᠠᠯ᠎ᠠ ᠪᠠᠷ ᠨᠢᠭᠡ ᠳᠤ ᠂ ᠢᠳᠡᠪᠬᠢᠲᠡᠶ ᠲᠥᠰᠦᠪᠯᠡᠵᠦ  ᠪᠣᠭᠤᠳᠠᠯᠯᠠᠨ ᠨᠢᠭᠡ ᠪᠦᠯᠦᠭ ᠲᠦᠷᠦᠯ ᠵᠦᠢᠯ ᠢ  ᠴᠢᠷᠮᠠᠶᠢᠨ ᠣᠯᠬᠤ ᠬᠡᠷᠡᠭᠲᠡᠶ᠃ ᠨᠠᠩ ᠣᠯᠠᠨ ᠨᠠᠩ ᠰᠠᠶᠢᠨ ᠲᠥᠷᠥᠯ ᠵᠦᠢᠯ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠣᠷᠣᠭᠤᠯᠬᠤ ᠪᠠᠷ ᠴᠢᠷᠮᠠᠶᠢᠵᠤ᠂ ᠳᠡᠭᠡᠳᠦ ᠱᠠᠲᠤᠨ ᠤ ᠨᠠᠩ ᠣᠯᠠᠨ ᠪᠠᠯᠠ ᠮᠥᠩᠭᠦ ᠶᠢᠨ ᠳᠡᠮᠵᠢᠯᠭᠡ ᠶᠢ ᠣᠯᠬᠤ ᠪᠠᠷ ᠴᠢᠷᠮᠠᠶᠢᠨ᠎ᠠ᠃ ᠬᠤᠶᠠᠷ ᠲᠤ᠂ ᠲᠦᠷᠦᠯ ᠵᠦᠢᠯ ᠤᠨ ᠭᠠᠷᠳᠠᠮ ᠢ ᠭᠦᠢᠴᠡᠳᠬᠡᠬᠦ ᠶᠢ ᠴᠢᠩᠭ᠎ᠠ ᠠᠩᠬᠠᠷᠬᠤ ᠬᠡᠷᠡᠭᠲᠡᠢ᠃ ᠬᠦᠴᠢᠷ ᠲᠦᠪᠡᠭᠲᠡᠶ ᠠᠰᠠᠭᠤᠳᠠᠯ ᠢᠶᠠᠨ ᠣᠨᠣᠪᠴᠢᠲᠠᠶ ᠡᠷᠢᠵᠦ᠂ ᠡᠪᠦᠯ ᠬᠠᠪᠤᠷ ᠤᠨ ᠠᠰᠢᠭᠲᠠᠶ ᠴᠠᠭ ᠲᠣᠬᠢᠶᠠᠯ ᠢ ᠰᠠᠶᠢᠲᠤᠷ ᠠᠰᠢᠭᠯᠠᠨ᠂ ᠭᠠᠵᠠᠷ ᠬᠡᠷᠡᠭᠯᠡᠬᠦ ᠶᠢ ᠪᠠᠲᠤᠯᠠᠬᠤ᠂ ᠣᠶ ᠰᠢᠭᠤᠶ ᠨᠤᠲᠤᠭ ᠪᠡᠯᠴᠢᠭᠡᠷ ᠤᠨ ᠭᠠᠷ ᠭᠦᠢᠴᠡᠳᠬᠡᠯ ᠵᠡᠷᠭᠡ ᠦᠢᠯᠡᠳᠪᠦᠷᠢᠯᠡᠯ ᠤᠨ ᠡᠯᠧᠮᠧᠨ᠋ᠲ ᠤᠨ ᠪᠠᠲᠤᠯᠠᠭ᠎ᠠ ᠶᠢ ᠲᠦᠷᠭᠡᠳᠬᠡᠵᠦ᠂ 2024 ᠣᠨ ᠤ ᠪᠠᠷᠢᠯᠭ᠎ᠠ ᠶᠢᠨ ᠤᠯᠠᠷᠢᠯ ᠠᠴᠠ ᠠᠪᠤᠭᠠᠳ ᠨᠠᠩ ᠣᠯᠠᠨ ᠲᠥᠷᠥᠯ ᠵᠦᠢᠯ ᠢ ᠦᠳᠲᠡᠷ ᠲᠦᠷᠭᠡᠨ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠦᠨᠡᠨᠬᠦ ᠪᠠᠲᠤᠯᠠᠨ᠎ᠠ᠃ ᠭᠤᠷᠪᠠ ᠳᠤ᠂ ᠲᠥᠷᠥᠯ ᠵᠦᠢᠯ ᠤᠨ ᠲᠣᠬᠢᠷᠠᠭᠤᠯᠤᠯᠲᠠ᠂ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠴᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠲᠥᠷᠥᠯ ᠵᠦᠢᠯ ᠤᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ᠂ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠵᠡᠷᠭᠡ ᠡᠯ᠎ᠡ ᠭᠤᠭᠴᠤᠭ᠎ᠠ ᠶᠢᠨ ᠠᠵᠢᠯ ᠢ ᠲᠦᠷᠦᠭᠦᠯᠡᠨ ᠰᠠᠶᠢᠲᠤᠷ ᠵᠣᠬᠢᠶᠠᠨ ᠪᠠᠶᠢᠭᠤᠯᠵᠤ᠂ ᠲᠥᠷᠥᠯ ᠵᠦᠢᠯ ᠤᠨ ᠪᠠᠯᠠ ᠣᠷᠣᠭᠤᠯᠤᠯᠲᠠ᠂ ᠠᠬᠢᠴᠠ ᠵᠡᠷᠭᠡ ᠶᠢ ᠴᠠᠭ ᠲᠤᠬᠠᠶ ᠳᠤᠨᠢ ᠴᠢᠩᠭ᠎ᠠ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号