ᠠᠣᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/1/24
     ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠪᠥᠲᠥᠭᠡᠨ ᠪᠠᠶᠢᠭᠤᠯᠵᠤ ᠪᠠᠶᠢᠭ᠎ᠠ ᠬᠡᠷ ᠪᠠᠶᠢᠰᠢᠩ ᠤᠨ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠠᠣᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ 2023 ᠣᠨ ᠤ 10 ᠰᠠᠷ᠎ᠠ ᠶᠢᠨ 30 ᠤ ᠡᠳᠦᠷ ᠠᠴᠠ 2023 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ ᠂  ᠠᠣᠬᠠᠨ ᠬᠤᠰᠢᠭᠤᠨ ᠤ ᠳᠣᠲᠣᠷᠠᠬᠢ ᠪᠣᠶ ᠪᠥᠬᠦᠶ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ︵ᠠᠵᠢᠯ ᠢᠶᠠᠨ ᠵᠣᠭᠰᠣᠭᠠᠬᠤ᠂ ᠬᠤᠶᠢᠰᠢᠯᠠᠭᠤᠯᠤᠨ ᠪᠥᠲᠥᠭᠡᠨ ᠪᠠᠶᠢᠭᠤᠯᠬᠤ᠂ ᠪᠠᠶᠢᠭᠤᠯᠵᠤ ᠪᠠᠶᠢᠭ᠎ᠠ ᠪᠥᠲᠥᠭᠡᠨ ᠪᠠᠶᠢᠭᠤᠯᠤᠯᠲᠠ ᠶᠢ ᠪᠠᠭᠲᠠᠭᠠᠨ᠎ᠠ︶ ᠢ 2 ᠰᠠᠷ᠎ᠠ ᠶᠢᠨ ᠬᠤᠭᠤᠴᠠᠭ᠎ᠠ ᠲᠠᠢ ᠪᠦᠬᠦᠨ ᠢ ᠬᠠᠮᠤᠷᠬᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠬᠠᠭᠤᠳᠠᠰᠤ ᠶᠢ ᠨᠡᠶᠢᠲᠡ 5 ᠬᠤᠪᠢ ᠂ 10 ᠵᠤᠷᠪᠤᠰ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠬᠠᠭᠤᠳᠠᠰᠤ ᠪᠠᠭᠤᠯᠭᠠᠵᠤ᠂ ᠢᠯᠡᠷᠡᠭᠦᠯᠦᠭᠰᠡᠨ ᠬᠡᠮ ᠰᠣᠭᠤᠭ ᠤᠨ ᠠᠰᠠᠭᠤᠳᠠᠯ ᠢ ᠨᠢᠭᠡᠨᠲᠡ ᠬᠥᠮᠦᠨ ᠳᠤ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ 100% ᠳᠤ ᠬᠥᠷᠪᠡ᠃    ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠬᠥᠮᠦᠨ ᠲᠣᠭᠲᠠᠭᠠᠵᠤ ᠬᠠᠷᠢᠭᠤᠴᠠᠯᠭ᠎ᠠ ᠳᠣᠭᠲᠠᠭᠠᠪᠠ᠃ ᠲᠣᠪᠴᠢᠶ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ︽ᠲᠤᠰᠬᠠᠶ ᠬᠥᠮᠦᠨ ᠲᠤᠰᠬᠠᠶ ᠬᠠᠷᠢᠭᠤᠴᠠᠯᠭ᠎ᠠ︾ ᠶᠢᠨ ᠵᠢᠭᠰᠠᠭᠠᠨ ᠪᠠᠶᠢᠴᠠᠭᠠᠬᠤ ᠵᠠᠭᠪᠤᠷ ᠢ ᠬᠡᠷᠡᠭᠵᠢᠭᠦᠯᠦᠨ᠂ ᠠᠣᠬᠠᠨ ᠬᠤᠰᠢᠭᠤᠨ ᠳᠣᠲᠣᠷᠠᠬᠢ ᠪᠣᠶ ᠪᠥᠬᠦᠶ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ  ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠠᠵᠢᠯ ᠤᠨ ᠲᠥᠰᠦᠯ ᠲᠣᠭᠲᠠᠭᠠᠨ᠂ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠪᠠ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠳᠠᠷᠤᠶ ᠲᠦᠷᠭᠡᠨ ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠪᠠᠷᠢᠯᠭ᠎ᠠ ᠶᠢᠨ ᠠᠵᠢᠯ ᠤᠨ ᠬᠦᠷᠢᠶᠡᠨ ᠳᠠᠬᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ᠂ ᠡᠷᠲᠡ ᠲᠣᠬᠢᠷᠠᠭᠤᠯᠵᠤ᠂ ᠡᠷᠲᠡ ᠢᠯᠡᠷᠡᠭᠦᠯᠵᠦ᠂ ᠡᠷᠲᠡ ᠴᠡᠭᠴᠡᠯᠡᠨ ᠰᠠᠶᠢᠵᠢᠷᠠᠭᠤᠯᠬᠤ ᠶᠢ  ᠪᠡᠶᠡᠯᠡᠭᠦᠯᠪᠡ᠃    ᠬᠤᠶᠠᠷ ᠲᠤ᠂ ᠵᠠᠩᠭᠢᠯᠠᠭ᠎ᠠ ᠶᠢᠨ ᠠᠵᠢᠯ ᠤᠨ ᠪᠠᠶᠢᠷᠢ᠂ ᠭᠤᠣᠯᠳᠠᠯᠭ᠎ᠠ ᠲᠠᠢ ᠬᠥᠮᠦᠰ ᠢ ᠴᠢᠩᠭ᠎ᠠ  ᠠᠩᠬᠠᠷᠪᠠ᠃ ᠲᠤᠰᠬᠠᠶ ᠠᠵᠢᠯᠯᠠᠭ᠎ᠠ ᠶᠢᠨ ᠬᠤᠭᠤᠴᠠᠭᠠᠨ ᠳᠤ᠂ ᠲᠥᠷᠥᠯ ᠵᠦᠢᠯ ᠤᠨ ᠬᠠᠷᠢᠭᠤᠴᠠᠯᠭᠠᠲᠠᠨ᠂ ᠠᠮᠤᠷ ᠲᠦᠪᠰᠢᠨ ᠤ ᠠᠵᠢᠯᠲᠠᠨ᠂ ᠮᠡᠷᠭᠡᠵᠢᠯ ᠤᠨ ᠬᠠᠷᠢᠭᠤᠴᠠᠯᠭᠠᠲᠠᠨ ᠵᠡᠷᠭᠡ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠬᠥᠮᠦᠰ ᠤᠨ ᠠᠵᠢᠯ ᠤᠨ ᠪᠠᠶᠢᠷᠢ ᠳᠤ ᠭᠠᠷᠴᠤ ᠡᠭᠦᠷᠭᠡ ᠬᠠᠷᠢᠭᠤᠴᠠᠯᠭ᠎ᠠ ᠪᠠᠨ  ᠭᠦᠢᠴᠡᠳᠭᠡᠭᠰᠡᠨ ᠪᠠᠶᠢᠳᠠᠯ᠂ ᠠᠵᠤ ᠠᠬᠤᠶᠢᠯᠠᠯ ᠤᠨ ᠠᠮᠤᠷ ᠲᠦᠪᠰᠢᠨ ᠤ  ᠲᠦᠬᠦᠭᠡᠷᠦᠮᠵᠢ ᠶᠢᠨ ᠲᠣᠬᠢᠷᠠᠭᠤᠯᠤᠯᠲᠠ᠂ ᠠᠮᠤᠷ ᠲᠦᠪᠰᠢᠨ ᠤ ᠡᠳᠦᠷ ᠤᠨ ᠲᠡᠮᠳᠡᠭᠯᠡᠯ᠂ ᠪᠠᠷᠢᠯᠭ᠎ᠠ ᠶᠢᠨ ᠲᠤᠬᠠᠶ ᠶᠢᠨ ᠭᠠᠵᠠᠷ ᠤᠨ ᠠᠶᠤᠯᠭᠦᠶ  ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠪᠠᠷᠢᠯᠭ᠎ᠠ ᠶᠢᠨ ᠲᠤᠬᠠᠶ ᠶᠢᠨ ᠭᠠᠵᠠᠷ ᠤᠨ ᠭᠠᠯ ᠤᠨᠲᠠᠷᠠᠭᠠᠬᠤ ᠵᠢᠴᠢ ᠢᠯᠡ ᠭᠠᠯ ᠤᠨ ᠠᠵᠢᠯᠯᠠᠭᠠᠨ ᠤ ᠠᠮᠤᠷ ᠲᠦᠪᠰᠢᠨ ᠤ ᠬᠠᠮᠢᠶᠠᠷᠤᠯᠲᠠ᠂ ᠴᠠᠬᠢᠯᠭᠠᠨ ᠬᠥᠷᠬᠦ ᠲᠥᠬᠦᠭᠡᠷᠦᠮᠵᠢ ᠶᠢ ᠲᠣᠬᠢᠷᠠᠭᠤᠯᠬᠤ ᠵᠡᠷᠭᠡ ᠪᠠᠭᠤᠷᠠᠶ ᠭᠤᠭᠴᠤᠭ᠎ᠠ ᠶᠢᠨ ᠲᠣᠭᠤᠷᠢᠨ ᠳᠤ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠪᠠ ᠵᠠᠰᠠᠬᠤ ᠶᠢ ᠭᠤᠤᠯᠳᠠᠯᠭ᠎ᠠ ᠲᠠᠢ ᠥᠷᠨᠢᠭᠦᠯᠪᠡ᠃ ᠡᠨᠡ ᠬᠤᠭᠤᠴᠠᠭᠠᠨ ᠳᠤ ᠣᠯᠵᠤ ᠮᠡᠳᠡᠭᠰᠡᠨ ᠡᠯ᠎ᠡ ᠲᠥᠷᠥᠯ ᠤᠨ ᠠᠮᠤᠷ ᠲᠦᠪᠰᠢᠨ ᠤ ᠠᠰᠠᠭᠤᠳᠠᠯ ᠳᠤ᠂ ᠴᠥᠮ ᠡᠯ᠎ᠡ ᠬᠠᠷᠢᠭᠤᠴᠠᠯᠭᠠᠲᠤ  ᠨᠢᠭᠡᠴᠢ ᠶᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ ᠦᠨᠡᠨ ᠬᠦ ᠠᠷᠢᠯᠭᠠᠬᠤ ᠬᠡᠷᠡᠭᠲᠡᠶ ᠭᠡᠵᠦ ᠱᠠᠭᠠᠷᠳᠠᠪᠠ᠃    ᠭᠤᠷᠪᠠ ᠳᠤ᠂ ᠳᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠠᠳᠬᠤᠵᠤ᠂ ᠠᠮᠤᠷ ᠲᠦᠪᠰᠢᠨ ᠢ  ᠪᠠᠲᠤᠯᠠᠨ᠎ᠠ᠃ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠬᠤᠭᠤᠴᠠᠭᠠᠨ ᠳᠤ ᠢᠯᠡᠷᠡᠭᠦᠯᠦᠭᠰᠡᠨ ᠡᠯ᠎ᠡ ᠵᠦᠢᠯ ᠤᠨ ᠠᠰᠠᠭᠤᠳᠠᠯ ᠳᠤ ᠴᠢᠭᠯᠡᠭᠦᠯᠦᠨ ᠦᠷᠭᠦᠯᠵᠢᠯᠡᠨ ᠮᠥᠷᠳᠡᠨ ᠬᠠᠮᠢᠶᠠᠷᠴᠤ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠰᠢᠮᠳᠠᠭᠤᠯᠤᠨ᠎ᠠ᠃ ᠪᠠᠷᠢᠯᠭ᠎ᠠ ᠶᠢᠨ ᠠᠵᠢᠯ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ᠂ ᠪᠠᠷᠢᠯᠭ᠎ᠠ ᠶᠢᠨ ᠶᠠᠰᠤ ᠴᠢᠨᠠᠷ ᠵᠡᠷᠭᠡ ᠲᠠᠯ᠎ᠠ ᠶᠢᠨ ᠭᠡᠮ ᠰᠣᠭᠤᠭ ᠵᠢᠴᠢ ᠠᠰᠠᠭᠤᠳᠠᠯ ᠢ ᠪᠦᠬᠦ ᠲᠠᠯ᠎ᠠ ᠪᠠᠷ ᠪᠠᠶᠢᠴᠠᠭᠠᠵᠤ᠂ ᠳᠤᠲᠠᠭᠤᠳᠠᠯ ᠢ ᠦᠷᠭᠦᠯᠵᠢᠯᠡᠨ ᠪᠠᠶᠢᠴᠠᠭᠠᠵᠤ᠂ ᠠᠯᠳᠠᠰᠢ ᠭᠠᠷᠬᠤ ᠶᠢ ᠬᠤᠷᠢᠭᠯᠠᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号