ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠵᠡᠭᠡᠯᠢ ᠭᠤᠳᠤᠮᠵᠢ ᠪᠠᠷ ᠶᠠᠪᠤᠵᠤ ᠤᠬᠠᠭᠤᠯᠬᠤ ᠬᠠᠭᠤᠳᠠᠰᠤ ᠲᠠᠷᠬᠠᠭᠠᠵᠤ ᠭᠠᠯ ᠤᠨᠲᠠᠷᠠᠭᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/25
        ᠪᠥᠬᠦ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠤᠬᠠᠭᠤᠯᠬᠤ ᠠᠵᠢᠯᠲᠠᠨ ᠬᠠᠷᠢᠶᠠᠲᠤ ᠣᠷᠣᠨ ᠤ ᠵᠡᠭᠡᠯᠢ ᠳᠠᠭᠠᠤ ᠶᠢᠨ ᠬᠤᠳᠠᠯᠳᠤᠭᠠᠨ ᠤ ᠳᠡᠯᠭᠡᠭᠦᠷ ᠵᠢᠴᠢ ᠰᠠᠭᠤᠭᠠᠯᠢ ᠠᠷᠠᠳ ᠤᠨ ᠲᠣᠭᠤᠷᠢᠭ ᠲᠤ ᠭᠦᠨᠵᠡᠭᠡᠶᠢᠷᠡᠵᠦ᠂ ᠵᠡᠭᠡᠯᠢ ᠭᠤᠳᠤᠮᠵᠢ ᠪᠠᠷ ᠶᠠᠪᠤᠵᠤ᠂ ᠭᠠᠯ ᠤᠨᠲᠠᠷᠠᠭᠠᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠨᠠᠭᠠᠵᠤ᠂ ᠭᠠᠯ ᠤᠨᠲᠠᠷᠠᠭᠠᠬᠤ ᠮᠡᠳᠡᠯᠭᠡ ᠶᠢ ᠲᠠᠶᠢᠯᠪᠤᠷᠢᠯᠠᠪᠠ᠃    ᠡᠨᠡ ᠬᠤᠭᠤᠴᠠᠭᠠᠨ ᠳᠤ᠂ ᠶᠡᠭᠡ ᠠᠩᠭᠢ ᠶᠢᠨ ᠤᠬᠠᠭᠤᠯᠬᠤ ᠠᠵᠢᠯᠲᠠᠨ ᠬᠤᠳᠠᠯᠳᠤᠭᠠᠴᠢᠨ ᠡᠷᠦᠬᠡ ᠵᠢᠴᠢ ᠰᠠᠭᠤᠭᠠᠯᠢ ᠠᠷᠠᠳ ᠲᠤ ᠭᠡᠷ ᠪᠦᠯᠢ ᠶᠢᠨ ᠭᠠᠯ ᠰᠡᠷᠭᠡᠶᠢᠯᠡᠬᠦ ᠤᠬᠠᠭᠤᠯᠭ᠎ᠠ ᠶᠢᠨ ᠭᠠᠷ ᠳᠡᠪᠲᠡᠷ᠂ ᠭᠠᠯ ᠤᠨᠲᠠᠷᠠᠭᠠᠬᠤ ᠶᠡᠷᠦ ᠶᠢᠨ ᠮᠡᠳᠡᠯᠭᠡ ᠶᠢᠨ ᠡᠯᠭᠦᠭᠡ ᠵᠢᠷᠤᠭ᠂ ᠭᠠᠯ ᠤᠨ ᠠᠶᠤᠯ ᠤᠨ ᠳᠠᠯᠳᠠ ᠭᠡᠮ ᠤᠨ ᠰᠠᠨᠠᠭᠤᠯᠤᠮᠵᠢ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠭᠠᠯ ᠤᠨ ᠠᠶᠤᠯ ᠢ ᠬᠡᠷᠬᠢᠨ ᠰᠡᠷᠭᠡᠶᠢᠯᠡᠬᠦ᠂ ᠭᠠᠯ ᠤᠨ ᠠᠶᠤᠯ ᠢ ᠮᠡᠳᠡᠭᠦᠯᠬᠦ᠂ ᠠᠩᠬᠠᠨ ᠤ ᠬᠤᠭᠤᠴᠠᠭᠠᠨ ᠤ ᠭᠠᠯ ᠤᠨ ᠠᠶᠤᠯ ᠢ ᠤᠨᠲᠠᠷᠠᠭᠠᠬᠤ᠂ ᠠᠮᠢ ᠵᠢᠭᠤᠲᠠᠵᠤ ᠥᠪᠡᠷ ᠢ ᠪᠠᠨ ᠠᠪᠤᠷᠠᠬᠤ ᠵᠡᠷᠭᠡ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠨᠠᠷᠢᠨ ᠲᠠᠶᠢᠯᠪᠤᠷᠢᠯᠠᠭᠰᠠᠨ ᠪᠥᠭᠡᠳ ᠠᠷᠠᠳ ᠤᠯᠠᠨ ᠤ ᠠᠵᠢᠯ᠂ ᠠᠮᠢᠳᠤᠷᠠᠯ ᠤᠨ ᠳᠤᠮᠳᠠ ᠲᠤᠯᠭᠠᠷᠠᠭᠰᠠᠨ ᠭᠠᠯ ᠤᠨᠲᠠᠷᠠᠭᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠭᠠᠯ ᠤᠨᠲᠠᠷᠠᠭᠠᠬᠤ ᠶᠡᠷᠦ ᠶᠢᠨ ᠮᠡᠳᠡᠯᠭᠡ ᠶᠢᠨ ᠬᠦᠴᠢᠷ ᠲᠦᠪᠡᠭᠲᠡᠢ ᠠᠰᠠᠭᠤᠳᠠᠯ ᠢ ᠬᠦᠯᠢᠴᠡᠩᠭᠦᠢ ᠪᠠᠷ ᠬᠠᠷᠢᠭᠤᠯᠪᠠ᠃ ᠶᠡᠭᠡ ᠠᠩᠭᠢ ᠶᠢᠨ ᠤᠬᠠᠭᠤᠯᠬᠤ ᠠᠵᠢᠯᠲᠠᠨ ᠪᠠᠰᠠ ᠠᠷᠠᠳ ᠣᠯᠠᠨ ᠲᠠᠢ ᠨᠢᠭᠤᠷᠳᠠᠨ ᠶᠠᠷᠢᠯᠴᠠᠵᠤ᠂ ᠬᠦᠯᠢᠴᠡᠩᠭᠦᠶ ᠪᠠᠷ ᠲᠠᠶᠢᠯᠪᠤᠷᠢᠯᠠᠨ ᠶᠠᠷᠢᠵᠤ᠂ ᠡᠳᠦᠷ ᠲᠤᠲᠤᠮ ᠤᠨ ᠠᠮᠢᠳᠤᠷᠠᠯ ᠳᠤ ᠦᠷᠭᠦᠯᠵᠢ ᠲᠣᠬᠢᠶᠠᠯᠳᠤᠳᠠᠭ ᠭᠠᠯ ᠤᠨ ᠡᠬᠢ ᠰᠤᠷᠪᠤᠯᠵᠢ᠂ ᠭᠡᠷ ᠪᠦᠯᠢ ᠶᠢᠨ ᠭᠠᠯ ᠤᠨ ᠠᠶᠤᠯ ᠢ ᠰᠡᠷᠭᠡᠶᠢᠯᠡᠬᠦ᠂ ᠭᠠᠯ ᠤᠨ ᠠᠶᠤᠯ ᠢ ᠬᠡᠷᠬᠢᠨ ᠵᠥᠪ ᠮᠡᠳᠡᠭᠦᠯᠬᠦ᠂ ᠭᠠᠯ ᠤᠨ ᠠᠶᠤᠯ ᠤᠨ ᠳᠠᠯᠳᠠ ᠭᠡᠮ ᠢ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ᠂ ᠡᠯ᠎ᠡ ᠲᠥᠷᠥᠯ ᠤᠨ ᠴᠠᠬᠢᠯᠭᠠᠨ ᠬᠡᠷᠡᠭᠰᠡᠯ ᠤᠨ ᠭᠠᠯ ᠤᠨ ᠠᠶᠤᠯ ᠤᠨ ᠣᠨᠴᠠᠯᠢᠭ᠂ ᠠᠩᠬᠠᠨ ᠤ ᠬᠤᠭᠤᠴᠠᠭᠠᠨ ᠤ ᠭᠠᠯ ᠤᠨ ᠠᠶᠤᠯ ᠢ ᠤᠨᠲᠠᠷᠠᠭᠠᠬᠤ ᠠᠷᠭ᠎ᠠ ᠵᠢᠴᠢ ᠭᠠᠯ ᠤᠨ ᠲᠠᠯᠠᠪᠠᠢ ᠶᠢᠨ ᠠᠮᠢ ᠵᠢᠭᠤᠲᠠᠬᠤ ᠵᠡᠷᠭᠡ ᠦᠨᠳᠦᠰᠦᠨ ᠮᠡᠳᠡᠯᠭᠡ ᠶᠢ ᠲᠠᠶᠢᠯᠪᠤᠷᠢᠯᠠᠵᠤ᠂ ᠨᠠᠷᠢᠨ ᠨᠢᠮᠪᠠᠶ ᠤᠬᠠᠭᠤᠯᠵᠤ᠂ ᠨᠠᠩ ᠣᠯᠠᠨ ᠠᠷᠠᠳ ᠲᠦᠮᠡᠨ ᠳᠤ ᠭᠠᠯ ᠤᠨᠲᠠᠷᠠᠭᠠᠬᠤ᠂ ᠭᠠᠯ ᠰᠡᠷᠭᠡᠶᠢᠯᠡᠵᠦ ᠠᠶᠤᠯ ᠠᠴᠠ ᠠᠪᠤᠷᠠᠵᠤ ᠥᠪᠡᠷ ᠢ ᠪᠠᠨ ᠠᠪᠤᠷᠠᠬᠤ ᠶᠢ ᠣᠶᠢᠯᠠᠭᠠᠭᠤᠯᠪᠠ᠃    ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠡᠳᠦᠷ ᠪᠦᠷᠢ ᠬᠠᠷᠢᠶᠠᠲᠤ ᠣᠷᠣᠨ ᠳᠠᠭᠠᠨ ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ ᠴᠠᠭ ᠲᠣᠬᠢᠶᠠᠯ ᠢ ᠠᠰᠢᠭᠯᠠᠨ ᠂ ᠨᠠᠩ ᠣᠯᠠᠨ ᠬᠡᠯᠪᠡᠷᠢ ᠶᠢᠨ ᠭᠠᠯ ᠤᠨᠲᠠᠷᠠᠭᠠᠬᠤ ᠤᠬᠠᠭᠤᠯᠭ᠎ᠠ ᠶᠢᠨ ᠠᠵᠢᠯᠯᠠᠭ᠎ᠠ ᠶᠢ ᠵᠡᠷᠭᠡᠪᠡᠷ ᠥᠷᠨᠢᠭᠦᠯᠵᠦ᠂ ᠡᠭᠦᠨ ᠢᠶᠠᠷ ᠬᠠᠷᠢᠶᠠᠲᠤ ᠣᠷᠣᠨ ᠳᠤ ᠭᠠᠯ ᠤᠨᠲᠠᠷᠠᠭᠠᠬᠤ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠬᠥᠮᠦᠨ ᠪᠦᠬᠦᠨ ᠭᠠᠯ ᠤᠨᠲᠠᠷᠠᠭᠠᠬᠤ ᠠᠵᠢᠯ ᠢ ᠠᠩᠬᠠᠷᠴᠤ᠂ ᠳᠡᠮᠵᠢᠬᠦ ᠪᠠ ᠣᠷᠣᠯᠴᠠᠵᠤ᠂ ᠬᠠᠷᠢᠶᠠᠲᠤ ᠣᠷᠣᠨ ᠤ ᠠᠮᠤᠷ ᠲᠦᠪᠰᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ ᠭᠡᠵᠦ ᠤᠷᠢᠶᠠᠯᠠᠪᠠ᠃    ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠭᠠᠳᠠᠨᠠᠬᠢ ᠨᠠᠶᠢᠳᠠᠯᠭ᠎ᠠ ᠪᠠᠷ ᠬᠠᠮᠢᠶᠠᠷᠬᠤ ᠪᠠᠶᠢᠭᠤᠯᠤᠮᠵᠢ ︵ᠵᠢᠵᠢᠭ ᠬᠤᠭᠤᠯᠠᠨ ᠰᠢᠷᠡᠭᠡ︶ ᠶᠢᠨ ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢ ᠥᠷᠨᠢᠭᠦᠯᠪᠡ    ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠢᠷᠤᠮᠵᠢᠭᠰᠠᠨ ᠠᠮᠤᠷ ᠲᠦᠪᠰᠢᠨ ᠨᠠᠶᠢᠳᠠᠨ ᠬᠠᠮᠢᠶᠠᠷᠤᠭᠤᠯᠬᠤ ᠣᠷᠴᠢᠨ ᠲᠣᠭᠤᠷᠢᠨ ᠢ ᠪᠣᠶ ᠪᠣᠯᠭᠠᠵᠤ᠂ ᠰᠤᠷᠤᠭᠴᠢᠳ ᠤᠨ ᠪᠡᠶ᠎ᠡ ᠰᠡᠳᠬᠢᠴᠡ ᠶᠢᠨ ᠡᠷᠡᠭᠦᠯ ᠮᠡᠨᠳᠦ ᠪᠠ ᠠᠮᠤᠷ ᠲᠦᠪᠰᠢᠨ ᠢᠶᠠᠷ ᠦᠰᠦᠨ ᠪᠤᠶᠢᠵᠢᠬᠤ ᠶᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠬᠤᠰᠢᠭᠤᠨ ᠰᠤᠷᠭᠠᠨ ᠬᠥᠮᠦᠵᠢᠯ ᠤᠨ ᠲᠣᠪᠴᠢᠶ᠎ᠠ ᠵᠡᠷᠭᠡ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃     ᠪᠠᠶᠢᠴᠠᠭᠠᠯᠲᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠭᠤᠣᠯᠳᠠᠭᠤ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠦᠨᠡᠮᠯᠡᠯ ᠲᠠᠢ ᠪᠠᠷ ᠡᠵᠡᠩᠨᠡᠵᠦ ᠪᠠᠶᠢᠬᠤ ᠡᠰᠡᠬᠦ᠂ ᠠᠵᠢᠯᠯᠠᠵᠤ ᠪᠠᠶᠢᠭ᠎ᠠ ᠬᠥᠮᠦᠰ ᠲᠤ ᠡᠷᠡᠭᠦᠯ ᠮᠡᠨᠳᠦ ᠶᠢᠨ ᠬᠦᠴᠦᠨ ᠪᠦᠬᠦᠢ ᠭᠡᠷᠡᠴᠢ ᠪᠠᠶᠢᠬᠤ ᠡᠰᠡᠬᠦ᠂ ᠭᠡᠷᠡᠴᠢ ᠪᠠᠷᠢᠮᠲᠠ ᠠᠪᠬᠤ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠵᠤ ᠳᠠᠩᠰᠠᠯᠠᠬᠤ ᠲᠦᠷᠢᠮ ᠢ ᠪᠠᠶᠢᠭᠤᠯᠤᠨ ᠨᠠᠶᠢᠳᠠᠪᠤᠷᠢᠵᠢᠭᠤᠯᠤᠭᠰᠠᠨ ᠡᠰᠡᠬᠦ᠂ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠪᠠ  ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠦᠭᠰᠡᠨ ᠡᠰᠡᠬᠦ᠂ ᠲᠣᠭᠤᠭᠠᠨ ᠬᠡᠷ ᠵᠢᠴᠢ ᠬᠤᠭᠤᠯᠠᠯᠠᠬᠤ ᠣᠷᠴᠢᠨ ᠲᠣᠭᠤᠷᠢᠨ ᠨᠢ ᠠᠷᠢᠭᠤᠨ ᠴᠡᠪᠡᠷ ᠪᠠᠶᠢᠬᠤ ᠡᠰᠡᠬᠦ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠤᠬᠢᠶᠠᠵᠤ ᠠᠷᠢᠭᠤᠳᠬᠠᠬᠤ ᠠᠷᠢᠭᠤᠨ ᠴᠡᠪᠡᠷ ᠪᠠᠶᠢᠬᠤ ᠵᠡᠷᠭᠡ ᠵᠢᠷᠤᠮᠵᠢᠯ ᠲᠠᠢ ᠪᠠᠶᠢᠬᠤ ᠡᠰᠡᠬᠦ᠂ ᠪᠣᠳᠠᠲᠠᠶᠢᠵᠢᠭᠰᠠᠨ ᠡᠰᠡᠬᠦ᠂ ᠢᠳᠡᠭᠡᠨ ᠤᠮᠳᠠᠭᠠᠨ ᠤ ᠡᠳ᠋ᠰᠢᠭᠦᠯᠦᠨ ᠪᠣᠯᠪᠠᠰᠤᠷᠠᠭᠤᠯᠬᠤ ᠶᠠᠪᠤᠴᠠ ᠨᠢ ᠵᠢᠷᠤᠮᠵᠢᠯ ᠲᠠᠢ ᠪᠠᠶᠢᠬᠤ ᠡᠰᠡᠬᠦ ᠵᠡᠷᠭᠡ ᠲᠠᠯ᠎ᠠ ᠪᠠᠷ ᠲᠤᠰᠬᠠᠶ ᠵᠦᠢᠯ ᠤᠨ ᠪᠠᠶᠢᠴᠠᠭᠠᠯᠲᠠ ᠬᠢᠪᠡ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠢ ᠲᠤᠬᠠᠶ ᠶᠢᠨ ᠭᠠᠵᠠᠷ ᠲᠤᠨᠢ ᠵᠠᠷᠯᠢᠭᠳᠠᠵᠤ ᠪᠠᠶᠢᠭᠠᠳ ᠲᠡᠷᠡ ᠳᠠᠷᠤᠶ ᠳᠤᠨᠢ ᠴᠡᠭᠴᠡᠯᠡᠨ ᠥᠭᠡᠷᠡᠴᠢᠯᠡᠭᠦᠯᠬᠦ ᠶᠢᠨ ᠬᠠᠮᠲᠤ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢ ᠡᠯ᠎ᠡ  ᠵᠦᠢᠯ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃    ᠣᠳᠣᠬᠠᠨ ᠳᠤ᠂ ᠲᠤᠰᠬᠠᠶ  ᠵᠦᠢᠯ ᠤᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠵᠢᠴᠢ ᠠᠮᠤᠷ ᠲᠦᠪᠰᠢᠨ ᠤ ᠳᠠᠯᠳᠠ ᠬᠡᠮ 1 ᠪᠠᠶᠢᠵᠤ᠂ ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠠᠷᠯᠢᠭᠳᠠᠨ ᠵᠠᠯᠠᠷᠠᠭᠤᠯᠬᠤ ᠮᠡᠳᠡᠭᠳᠡᠯ ᠤᠨ ᠪᠢᠴᠢᠭ 1 ᠬᠤᠪᠢ ᠪᠠᠭᠤᠯᠭᠠᠵᠤ᠂ 1 ᠬᠡᠷᠡᠭ ᠢ ᠬᠡᠷᠡᠭ ᠪᠣᠯᠭᠠᠨ ᠳᠡᠩᠰᠡᠯᠡᠵᠦ᠂ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃ ᠲᠣᠰ ᠤᠳᠠᠭᠠᠨ ᠤ ᠲᠤᠰᠬᠠᠶ ᠠᠵᠢᠯᠯᠠᠭ᠎ᠠ ᠨᠢ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ︵ᠵᠢᠵᠢᠭ ᠬᠤᠭᠤᠯᠠᠨ ᠰᠢᠷᠡᠭᠡ︶ ᠶᠢᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠪᠡ᠃    ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠣᠯᠪᠠᠰᠤᠷᠠᠭᠤᠯᠤᠯ ᠤᠬᠠᠭᠤᠯᠭ᠎ᠠ ᠶᠢᠨ ᠬᠥᠲᠥᠯᠦᠨ ᠵᠢᠯᠣᠭᠤᠳᠬᠤ ᠶᠢ ᠴᠢᠩᠭᠠᠳᠬᠠᠨ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠪᠠᠶᠢᠩᠭᠤ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠴᠡᠭᠴᠡᠯᠡᠨ ᠵᠠᠰᠠᠭᠰᠠᠨ ᠦᠷ᠎ᠡ ᠪᠦᠲᠦᠮᠵᠢ ᠪᠠᠨ ᠦᠨᠡᠨᠬᠦ ᠪᠠᠲᠤᠳᠬᠠᠨ᠂ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ ᠠᠷᠢᠯᠭᠠᠵᠤ᠂ ︽ᠵᠢᠵᠢᠭ  ᠬᠤᠭᠤᠯᠠᠨ ᠰᠢᠷᠡᠭᠡ︾ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ᠂ ᠴᠢᠩᠭ᠎ᠠ ᠬᠠᠮᠢᠶᠠᠷᠴᠤ᠂ ᠴᠢᠩᠭ᠎ᠠ ᠡᠵᠡᠮᠳᠡᠨ᠎ᠡ᠃ 
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号