ᠰᠧ ᠵᠢᠶᠠ ᠽᠢ ᠪᠠᠯᠭᠠᠰᠤ᠄ ᠪᠠᠯᠭᠠᠰᠤᠨ ᠤ ᠲᠣᠭᠤᠷᠢᠭ ᠤᠨ ᠳᠤᠯᠠᠭᠠᠯᠠᠭ᠎ᠠ ᠶᠢᠨ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ
ᠨᠡᠶᠢᠲᠡᠯᠡᠭᠰᠡᠨ ᠴᠠᠭ᠄
2024/1/26
    ᠰᠧ ᠵᠢᠶᠠ ᠽᠢ ᠪᠠᠯᠭᠠᠰᠤᠨ ᠤ ᠲᠣᠭᠤᠷᠢᠭ ᠤᠨ ᠰᠠᠭᠤᠭᠠᠯᠢ ᠠᠷᠠᠳ ᠤᠨ ᠲᠥᠪᠯᠡᠷᠡᠭᠦᠯᠦᠨ ᠳᠤᠯᠠᠭᠠᠯᠭ᠎ᠠ ᠶᠢᠨ ᠡᠪᠦᠯ ᠤᠨ ᠤᠯᠠᠷᠢᠯ ᠤᠨ ᠳᠤᠯᠠᠭᠠᠯᠭ᠎ᠠ ᠶᠢᠨ ᠣᠳᠣᠬᠠᠨ ᠤ ᠨᠢᠭᠡᠨ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠠᠵᠢᠯ ᠢ ᠪᠠᠲᠤᠯᠠᠪᠠ᠃ ᠪᠠᠯᠭᠠᠰᠤᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠬᠠᠩᠭᠠᠬᠤ ᠠᠵᠢᠯ ᠢ ᠦᠨᠡᠨ ᠬᠦ ᠰᠠᠶᠢᠲᠤᠷ ᠬᠢᠵᠦ᠂ ᠣᠯᠠᠨ ᠲᠦᠮᠡᠨ ᠤ ᠳᠤᠯᠠᠭᠠᠨ ᠡᠪᠦᠯᠵᠢᠬᠦ ᠶᠢ ᠪᠠᠲᠤᠯᠠᠬᠤ ᠶᠢᠨ ᠲᠥᠯᠥᠭᠡ᠂ ᠰᠧ ᠵᠢᠶᠠ ᠽᠢ ᠪᠠᠯᠭᠠᠰᠤᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠬᠠᠩᠭᠠᠬᠤ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠠ᠃    ᠤᠯᠠᠭᠠᠨᠬᠠᠳᠠ ᠶᠢᠨ ᠵᠢᠶᠦ᠋ᠨ ᠢ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠪᠣᠯ ᠶᠠᠨ ᠪᠠᠩ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠪᠣᠯᠤᠨ᠎ᠠ᠂ 2013 ᠣᠨ ᠳᠤ ᠡᠬᠢᠯᠡᠨ ᠪᠠᠶᠢᠭᠤᠯᠵᠤ᠂ ᠲᠣᠰ ᠺᠣᠮᠫᠠᠨᠢ ᠰᠧ  ᠵᠢᠶᠠ ᠽᠢ ᠪᠠᠯᠭᠠᠰᠤᠨ ᠤ ᠢᠯᠴᠢ ᠬᠠᠩᠭᠠᠬᠤ ᠠᠵᠢᠯ ᠢ ᠳᠠᠭᠠᠭᠠᠴᠢᠯᠠᠨ ᠠᠳᠬᠤᠵᠤ᠂ ᠲᠣᠰ ᠺᠣᠮᠫᠠᠨᠢ ᠪᠠᠶᠢᠭᠤᠯᠤᠭᠳᠠᠭᠰᠠᠨ ᠠᠴᠠ ᠨᠠᠰᠢ ᠬᠡᠪ ᠤᠨ ᠶᠣᠰᠣᠭᠠᠷ ᠡᠵᠡᠩᠨᠡᠯᠲᠡ ᠨᠢ ᠰᠧ ᠵᠢᠶᠠ ᠽᠢ ᠪᠠᠯᠭᠠᠰᠤᠨ ᠤ 800 ᠭᠠᠷᠤᠶ ᠡᠷᠦᠬᠡ ᠶᠢᠨ 14 ᠲᠦᠮᠡᠨ ᠲᠡᠭᠰᠢ ᠳᠦᠷᠪᠡᠯᠵᠢᠨ ᠤ ᠳᠤᠯᠠᠭᠠᠯᠭ᠎ᠠ ᠶᠢᠨ ᠬᠦᠴᠢᠷ ᠠᠰᠠᠭᠤᠳᠠᠯ ᠢ ᠪᠠᠲᠤᠯᠠᠭᠰᠠᠭᠠᠷ ᠢᠷᠡᠵᠡᠢ᠂ ᠢᠯᠴᠢ ᠶᠢᠨ ᠬᠦᠴᠦᠨ ᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠤᠨ ᠲᠠᠨᠢᠯᠴᠠᠭᠤᠯᠤᠭᠰᠠᠨ ᠢᠶᠠᠷ᠂ ᠢᠯᠴᠢ ᠶᠢᠨ ᠬᠦᠴᠦᠨ ᠤ ᠥᠷᠲᠡᠭᠡ ᠶᠢᠨ ᠣᠲᠣ ᠪᠠᠶᠢᠭ᠎ᠠ ᠠᠵᠢᠯᠲᠠᠨ 7 ᠬᠥᠮᠦᠨ ᠪᠠᠶᠢᠵᠤ᠂ ᠲᠣᠭᠲᠠᠮᠠᠯ ᠬᠤᠭᠤᠴᠠᠭ᠎ᠠ ᠲᠠᠢ ᠪᠠᠷ ᠢᠯᠴᠢ ᠬᠠᠩᠭᠠᠬᠤ ᠲᠥᠬᠦᠭᠡᠷᠦᠮᠵᠢ ᠬᠢᠭᠡᠳ ᠢᠯᠴᠢ ᠬᠠᠩᠭᠠᠬᠤ ᠬᠤᠭᠤᠯᠠᠶ ᠶᠢᠨ ᠲᠣᠤᠷ ᠢ ᠲᠣᠭᠤᠷᠢᠨ ᠪᠠᠶᠢᠴᠠᠭᠠᠵᠤ ᠬᠠᠮᠠᠭᠠᠯᠠᠵᠤ᠂ ᠪᠠᠯᠭᠠᠰᠤᠨ ᠤ ᠠᠮᠤᠷ ᠲᠦᠪᠰᠢᠨ ᠲᠣᠭᠲᠠᠭᠤᠨ ᠢᠶᠠᠷ ᠢᠯᠴᠢ ᠬᠠᠩᠭᠠᠬᠤ ᠶᠢ ᠪᠡᠶᠡᠯᠡᠭᠦᠯᠵᠡᠶ᠃    ᠣᠶᠢᠷ᠎ᠠ ᠳᠤ᠂ ᠳᠤᠯᠠᠭᠠᠨ ᠤ ᠬᠡᠮᠵᠢᠶ᠎ᠡ ᠦᠷᠭᠦᠯᠵᠢᠯᠡᠨ ᠪᠠᠭᠤᠷᠠᠵᠤ᠂ ᠰᠧ ᠵᠢᠶᠠ ᠽᠢ ᠪᠠᠯᠭᠠᠰᠤ ᠬᠥᠮᠦᠰ ᠢ ᠵᠣᠬᠢᠶᠠᠨ ᠪᠠᠶᠢᠭᠤᠯᠤᠨ ᠢᠯᠴᠢ ᠶᠢᠨ ᠬᠦᠴᠦᠨ ᠤ ᠺᠣᠮᠫᠠᠨᠢ ᠳᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠢᠯᠴᠢ ᠶᠢᠨ ᠬᠦᠴᠦᠨ ᠤ ᠺᠣᠮᠫᠠᠨᠢ ᠶᠢ ᠰᠠᠨᠠᠭᠠᠴᠢᠯᠠᠭ᠎ᠠ ᠠᠴᠠ ᠪᠠᠨ ᠬᠠᠪᠰᠤᠷᠤᠨ ᠳᠤᠯᠠᠭᠠᠯᠭ᠎ᠠ ᠶᠢᠨ ᠵᠠᠷᠤᠳᠠᠯ ᠬᠤᠷᠢᠶᠠᠵᠤ᠂ ᠢᠯᠴᠢ ᠶᠢᠨ ᠬᠦᠴᠦᠨ ᠤ ᠺᠣᠮᠫᠠᠨᠢ ᠶᠢ ᠴᠠᠭ ᠲᠤᠬᠠᠶ ᠳᠤᠨᠢ ᠨᠡᠭᠦᠷᠡᠰᠦ ᠬᠤᠳᠠᠯᠳᠤᠨ ᠠᠪᠴᠤ᠂ ᠲᠠᠷᠠᠭᠠᠴᠢ ᠶᠢᠨ ᠱᠠᠲᠤᠨ ᠤ ᠳᠤᠯᠠᠭᠠᠯᠭ᠎ᠠ ᠳᠤ ᠬᠡᠷᠡᠭᠯᠡᠵᠦ᠂ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ  ᠪᠠᠲᠤᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号