ᠰᠢᠩ ᠯᠦᠩ ᠸᠠ ᠪᠠᠯᠭᠠᠰᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠵᠤ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠮᠤᠷ ᠲᠦᠪᠰᠢᠨ ᠢ ᠪᠠᠲᠤᠯᠠᠨ᠎ᠠ
ᠨᠡᠶᠢᠲᠡᠯᠡᠭᠰᠡᠨ ᠴᠠᠭ᠄
2024/1/26
    ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠶᠤᠯ ᠲᠦᠭᠰᠢᠭᠦᠷᠢ ᠶᠢᠨ ᠬᠡᠮ ᠰᠣᠭᠤᠭ ᠢ ᠪᠦᠲᠦᠮᠵᠢᠲᠡᠶ ᠰᠡᠷᠭᠡᠶᠢᠯᠡᠨ ᠠᠷᠢᠯᠭᠠᠬᠤ ᠶᠢᠨ ᠲᠥᠯᠥᠭᠡ᠂ ᠣᠶᠢᠷ᠎ᠠ ᠳᠤ᠂ ᠰᠢᠩ ᠯᠦᠩ ᠸᠠ ᠪᠠᠯᠭᠠᠰᠤ ᠶᠢ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠠᠴᠠ ᠳᠠᠭᠠᠭᠤᠯᠤᠨ᠂ ᠠᠷᠠᠳ ᠤᠨ ᠶᠠᠪᠤᠳᠠᠯ ᠤᠨ ᠠᠯᠪᠠᠨ ᠬᠡᠷ᠂ ᠠᠶᠤᠯᠭᠦᠶ  ᠦᠢᠯᠡᠳᠪᠦᠷᠢᠯᠡᠯ ᠤᠨ ᠬᠢᠨᠠᠨ ᠪᠠᠶᠢᠴᠠᠭᠠᠬᠤ ᠥᠷᠲᠡᠭᠡ᠂ ᠭᠠᠯ ᠤᠨᠲᠠᠷᠠᠭᠠᠬᠤ ᠠᠵᠢᠯ ᠤᠨ ᠬᠢᠨ ᠨᠠᠰᠤᠲᠠᠨ ᠢ ᠠᠰᠠᠷᠠᠬᠤ ᠬᠦᠷᠢᠶᠡᠯᠡᠩ᠂ ᠵᠣᠯ ᠵᠢᠷᠭᠠᠯ ᠤᠨ ᠶᠡᠭᠡ ᠬᠦᠷᠢᠶᠡᠯᠡᠩ ᠵᠡᠷᠭᠡ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠲᠠᠢ ᠬᠠᠮᠲᠤᠷᠠᠨ ᠪᠥᠬᠦ ᠲᠠᠯ᠎ᠠ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠡᠯ᠎ᠡ ᠵᠦᠢᠯ ᠤᠨ ᠠᠵᠢᠯ ᠤᠨ ᠠᠮᠤᠷ ᠲᠦᠪᠰᠢᠨ᠂ ᠡᠷᠡᠭᠦᠯ ᠮᠡᠨᠳᠦ᠂ ᠡᠮᠬᠢ ᠵᠢᠷᠤᠮ ᠲᠠᠢ ᠬᠥᠭᠵᠢᠬᠦ ᠶᠢ  ᠪᠠᠲᠤᠯᠠᠨ᠎ᠠ᠃    ᠲᠣᠰ ᠤᠳᠠᠭ᠎ᠠ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠢᠳᠡᠭᠡᠨ ᠤ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ ᠵᠢᠴᠢ ᠡᠯ᠎ᠡ ᠵᠦᠢᠯ ᠤᠨ ᠲᠦᠷᠢᠮ ᠲᠣᠭᠲᠠᠭᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠬᠤ ᠶᠠᠪᠤᠴᠠ ᠳᠤ ᠡᠮᠨᠡᠯᠭᠡ ᠶᠢᠨ ᠬᠤᠷᠢᠶᠠᠨ ᠤ ᠠᠷᠠᠳ ᠤᠨ ᠡᠳᠦᠷ ᠲᠤᠲᠤᠮ ᠤᠨ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠵᠤ᠂ ᠬᠠᠮᠢᠶ᠎ᠠ ᠪᠦᠬᠦᠢ ᠬᠠᠷᠢᠭᠤᠴᠠᠯᠭᠠᠲᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠣᠨᠣᠰᠴᠤ᠂ ᠪᠠᠶᠢᠷᠢ ᠶᠢᠨ ᠭᠡᠷ ᠂ ᠬᠤᠭᠤᠯᠠᠨ ᠭᠡᠷ ᠤᠨ ᠭᠠᠯ ᠴᠠᠬᠢᠯᠭᠠᠨ ᠬᠡᠷᠡᠭᠯᠡᠬᠦ ᠲᠠᠯ᠎ᠠ ᠪᠠᠷ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠢᠳᠡᠭᠡᠨ ᠤ ᠲᠡᠮᠳᠡᠭᠯᠡᠯ ᠪᠠ ᠬᠠᠳᠠᠭᠠᠯᠠᠯᠲᠠ ᠶᠢᠨ ᠣᠷᠴᠢᠨ ᠲᠣᠭᠤᠷᠢᠨ ᠨᠢ ᠳᠦᠷᠢᠮᠵᠢᠯ ᠤᠨ ᠪᠠᠷᠢᠮᠵᠢᠶ᠎ᠠ ᠳᠤ ᠨᠡᠶᠢᠴᠡᠬᠦ ᠡᠰᠡᠬᠦ᠂ ᠠᠮᠤᠷ ᠲᠦᠪᠰᠢᠨ ᠢᠶᠠᠷ ᠭᠠᠷᠬᠤ ᠡᠭᠦᠳᠡ ᠶᠢᠨ ᠰᠠᠭᠠᠳ ᠦᠭᠡᠶ ᠨᠡᠪᠲᠡᠷᠡᠬᠦ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠵᠤ᠂ ᠭᠠᠯ ᠤᠨᠲᠠᠷᠠᠭᠠᠬᠤ ᠲᠦᠬᠦᠭᠡᠷᠦᠮᠵᠢ ᠶᠢᠨ ᠲᠣᠬᠢᠷᠠᠭᠤᠯᠤᠯᠲᠠ ᠨᠢ ᠪᠦᠷᠢᠨ  ᠭᠦᠢᠴᠡᠳ ᠪᠠᠶᠢᠬᠤ ᠡᠰᠡᠬᠦ ᠵᠡᠷᠭᠡ ᠠᠵᠢᠯ ᠨᠢ ᠨᠠᠰᠤᠵᠢᠯ ᠤᠨ ᠪᠠᠶᠢᠭᠤᠯᠤᠮᠵᠢ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠠᠯ᠎ᠠ ᠪᠠᠷ ᠱᠠᠭᠠᠷᠳᠠᠯᠭ᠎ᠠ ᠳᠤᠷᠠᠳᠴᠤ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠨ ᠬᠤᠷᠢᠭᠯᠠᠬᠤ ᠪᠠ ᠬᠤᠷᠢᠭᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠠᠰᠤᠲᠠᠶᠢᠴᠤᠳ ᠤᠨ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨᠬᠦ ᠰᠠᠬᠢᠨ  ᠬᠠᠮᠠᠭᠠᠯᠠᠨ᠎ᠠ᠃    ᠲᠣᠰ ᠤᠳᠠᠭᠠᠨ ᠤ ᠠᠮᠤᠷ ᠲᠦᠪᠰᠢᠨ ᠤ ᠪᠠᠶᠢᠴᠠᠭᠠᠯᠲᠠ ᠪᠠᠷ ᠳᠡᠮᠵᠢᠨ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠠᠵᠢᠯᠲᠠᠨ ᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠣᠷᠣᠰᠢᠵᠤ ᠮᠡᠳᠡᠬᠦ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ᠂ ᠣᠷᠣᠵᠤ ᠰᠠᠭᠤᠭᠰᠠᠨ ᠨᠠᠰᠤᠲᠠᠶᠢᠴᠤᠳ ᠤᠨ ᠠᠮᠤᠷ ᠲᠦᠪᠰᠢᠨ ᠤ ᠪᠠᠲᠤᠯᠠᠭ᠎ᠠ ᠶᠢᠨ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠰᠠᠬᠢᠨ ᠬᠠᠮᠠᠭᠠᠯᠠᠵᠤ᠂ ᠨᠠᠰᠤᠲᠠᠶᠢᠴᠤᠳ ᠲᠤ ᠠᠮᠤᠷ ᠲᠦᠪᠰᠢᠨ᠂ ᠬᠠᠯᠠᠭᠤᠨ ᠳᠤᠯᠠᠭᠠᠨ ᠠᠮᠢᠳᠤᠷᠠᠯ ᠤᠨ ᠣᠷᠴᠢᠨ ᠨᠥᠬᠦᠴᠡᠯ ᠢ ᠪᠣᠶ ᠪᠣᠯᠭᠠᠬᠤ ᠳᠤ ᠪᠠᠲᠤ ᠪᠠᠬᠢ ᠪᠠᠲᠤᠯᠠᠭ᠎ᠠ ᠬᠠᠩᠭᠠᠭᠰᠠᠨ ᠪᠠᠶᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号