ᠸᠠᠩ ᠶᠦᠩ ᠵᠢᠶᠦ᠋ᠨ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 62 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ  ᠬᠤᠷᠠᠯᠳᠤᠪᠠ
ᠨᠡᠶᠢᠲᠡᠯᠡᠭᠰᠡᠨ ᠴᠠᠭ᠄
2024/1/29
        1 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠠᠤᠬᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 62 ᠳ᠋ᠤᠭᠠᠷ  ᠤᠳᠠᠭᠠᠨ ᠤ ᠬᠤᠷᠠᠯ ᠢ ᠡᠷᠭᠢᠯᠡᠨ  ᠬᠤᠷᠠᠯᠳᠤᠪᠠ᠃    ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠤᠳᠠᠭᠠᠨ ᠤ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂  ᠰᠢ ᠶᠢᠨ ᠫᠢᠩ ᠶᠡᠷᠦᠩᠬᠡᠢ ᠱᠦᠵᠢ  ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠤᠳᠠᠭᠠᠨ ᠤ ᠪᠦᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠬᠤᠯᠪᠣᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ  ᠳᠠᠮᠵᠢᠭᠤᠯᠤᠨ ᠰᠤᠷᠤᠯᠴᠠᠪᠠ︔ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠤᠬᠠᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ ᠠᠵᠢᠯ ᠤᠨ ᠭᠤᠣᠯᠳᠠᠯᠭ᠎ᠠ︾᠂ ︽ᠠᠤᠬᠠᠨ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠱᠤᠭᠤᠮ ᠤᠨ ᠠᠵᠢᠯ ᠤᠨ ᠡᠭᠦᠷᠭᠡ ᠶᠢᠨ ᠨᠠᠷᠢᠨ ᠲᠠᠩᠰᠠ︾ ᠶᠢ ᠬᠢᠨᠠᠨ ᠵᠥᠪᠯᠡᠵᠦ᠂ ᠳᠠᠷᠠᠭᠠᠴᠢ ᠶᠢᠨ ᠱᠠᠲᠤᠨ ᠤ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃    ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠰᠢ ᠶᠢᠨ ᠫᠢᠩ  ᠶᠡᠷᠦᠩᠬᠡᠶ ᠱᠦᠵᠢ  ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ ᠪᠠᠲᠤ ᠡᠵᠡᠮᠳᠡᠵᠦ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ  ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠴᠢᠩᠭ᠎ᠠ ᠬᠡᠷᠡᠭᠵᠢᠭᠦᠯᠵᠦ᠂ ︽ᠶᠢᠰᠦᠨ ᠦᠢᠯᠡᠳᠦᠯᠭᠡ︾ ᠶᠢᠨ ᠦᠢᠯᠡᠳᠦᠯᠭᠡ ᠶᠢᠨ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠢᠭᠤᠨ ᠴᠢᠬᠡᠴᠢ ᠠᠤᠬᠠᠨ ᠤ ᠪᠥᠲᠥᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠥᠬᠡᠶ᠂ ᠢᠯᠵᠠᠷᠠᠬᠤ ᠶᠢ ᠪᠤᠳᠤᠬᠤ ᠥᠬᠡᠶ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ ᠴᠢᠷᠮᠠᠶᠢᠨ ᠪᠣᠶ ᠪᠣᠯᠭᠠᠬᠤ ᠬᠡᠷᠡᠭᠲᠡᠶ  ᠭᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤ ᠪᠠᠷ ᠢᠶᠠᠨ ᠰᠢ ᠶᠢᠨ ᠫᠢᠩ ᠶᠡᠷᠦᠩᠬᠡᠶ ᠱᠦᠵᠢ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠪᠠ ᠠᠶᠤᠯ ᠲᠦᠭᠰᠢᠭᠦᠷᠢ ᠶᠢᠨ ᠳᠠᠯᠳᠠ ᠬᠡᠮ ᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠤ ᠬᠠᠤᠯᠢ ᠶᠢ ᠮᠡᠳᠡᠬᠦ᠂ ᠬᠠᠤᠯᠢ ᠶᠢ ᠬᠡᠷᠡᠭᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ ᠭᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠰᠢᠭᠤ ᠪᠠᠷ ᠢᠶᠠᠨ  ᠰᠢ ᠶᠢᠨ ᠫᠢᠩ ᠶᠡᠷᠦᠩᠬᠡᠢ ᠱᠦᠵᠢ ᠶᠢᠨ ᠮᠥᠩᠭᠦᠨ ᠭᠦᠢᠯᠭᠡᠭᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ᠮᠥᠩᠭᠦᠨ ᠭᠦᠢᠯᠭᠡᠭᠡᠨ ᠤ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠰᠢᠰᠲ᠋ᠧᠮ ᠤᠨ ᠴᠢᠨᠠᠷᠲᠠᠢ᠂ ᠣᠷᠣᠨ ᠪᠦᠰᠡ ᠶᠢᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠮᠥᠩᠭᠦᠨ ᠭᠦᠢᠯᠭᠡᠭᠡᠨ ᠤ ᠬᠠᠩᠭᠠᠯᠭ᠎ᠠ ᠶᠢᠨ ᠪᠦᠲᠦᠴᠡ ᠪᠣᠯᠤᠨ ᠬᠠᠩᠭᠠᠯᠭ᠎ᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ  ᠭᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ ᠵᠥᠪᠯᠡᠵᠦ ᠪᠠᠲᠤᠯᠠᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠤᠬᠠᠨ ᠬᠤᠰᠢᠭᠤᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2024 ᠣᠨ ᠤ ᠠᠵᠢᠯ ᠤᠨ ᠭᠤᠤᠯᠳᠠᠯᠭ᠎ᠠ︾ ᠶᠢᠨ ᠲᠣᠭᠤᠷᠢᠨ ᠳᠤ᠂ ᠠᠵᠢᠯ ᠤᠨ ᠨᠢᠭᠡᠳᠦᠯᠲᠡᠶ ᠲᠥᠯᠥᠪᠵᠢᠭᠦᠯᠭᠡ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠡᠮᠬᠢ ᠵᠢᠷᠤᠮ ᠲᠠᠢ ᠬᠦᠴᠦᠲᠡᠶ ᠠᠬᠢᠭᠤᠯᠵᠤ᠂ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠠᠮᠵᠢᠯᠲᠠ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠭᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠡᠨᠡ ᠬᠦ ᠭᠤᠤᠯ ᠰᠢᠵᠢᠮ ᠢ ᠪᠥᠬᠦ ᠶᠠᠪᠤᠴᠠ᠂ ᠡᠯ᠎ᠡ ᠲᠠᠯ᠎ᠠ ᠳᠤ ᠲᠤᠭᠤᠰᠢᠯᠠᠭᠤᠯᠬᠤ ᠶᠢ ᠢᠮᠠᠭᠲᠠ ᠪᠠᠷᠢᠮᠲᠠᠯᠠᠵᠤ᠂ ︽ᠠᠤᠬᠠᠨ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠭᠤᠤᠯ ᠱᠤᠭᠤᠮ ᠤᠨ ᠠᠵᠢᠯ ᠤᠨ ᠡᠭᠦᠷᠭᠡ ᠶᠢᠨ ᠨᠠᠷᠢᠨ ᠲᠠᠩᠰᠠ︾ ᠲᠠᠢ ᠤᠶᠠᠯᠳᠤᠭᠤᠯᠤᠨ᠂ ᠵᠤᠷᠪᠤᠰ ᠳᠠᠷᠠᠭᠠᠯᠠᠨ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠵᠤ᠂ ᠬᠠᠷᠢᠭᠤᠴᠠᠯᠭ᠎ᠠ ᠪᠠᠨ ᠮᠡᠳᠡᠵᠦ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠴᠢᠭᠯᠡᠯ ᠬᠡᠯᠪᠠᠶᠢᠬᠦ ᠥᠬᠡᠶ᠂ ᠭᠤᠤᠯ ᠱᠤᠭᠤᠮ ᠢ ᠬᠤᠪᠢᠷᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠤᠷᠠᠯ ᠳᠤ ᠰᠠᠭᠠᠲᠠᠪᠠ︔ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠵᠠᠰᠠᠭ ᠤᠨ ᠣᠷᠳᠣᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠥᠬᠦᠶ ᠤᠳᠤᠷᠢᠳᠬᠤ ᠨᠥᠬᠦᠳ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号