| ᠣᠶᠢᠷ᠎ᠠ ᠳᠤ᠂ ᠥᠪᠥᠷ ᠮᠣᠩᠭᠤᠯ ᠤᠨ ᠱᠠ ᠮᠥᠸᠧ ᡁᠢ ᠬᠤᠸᠠ ᠠᠮᠢ ᠠᠬᠤᠶ ᠶᠢᠨ ᠠᠵᠤ ᠦᠢᠯᠡᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯᠤᠨ ᠤᠯᠠᠭᠠᠨᠬᠠᠳᠠ ᠶᠢᠨ ᠪᠥᠸᠧ ᠳ᠋ᠡ ᠴᠠᠶᠢᠷ ᠤᠨ | ᠢᠰᠦᠯ ᠤᠨ ᠬᠢᠵᠠᠭᠠᠷᠲᠤ ᠺᠣᠮᠫᠠᠨᠢ GB/T 23001 — 2017 ︽ᠮᠡᠳᠡᠭᠡ ᠵᠠᠩᠭᠢᠵᠢᠯᠲᠠ ᠪᠠ ᠠᠵᠤ | ᠦᠢᠯᠡᠳᠪᠦᠷᠢᠵᠢᠯᠲᠡ ᠶᠢᠨ ᠠᠭᠤᠰᠤᠯᠴᠠᠯ ᠤᠨ ᠬᠠᠮᠢᠶᠠᠷᠤᠯᠲᠠ ᠶᠢᠨ ᠰᠢᠰᠲ᠋ᠧᠮ ᠤᠨ ᠱᠠᠭᠠᠷᠳᠠᠯᠭ᠎ᠠ︾ ᠵᠢᠴᠢ | GB/T23006 — 2022 ︽ᠮᠡᠳᠡᠭᠡ ᠵᠠᠩᠭᠢᠵᠢᠯᠲᠠ ᠪᠠ ᠠᠵᠤ ᠦᠢᠯᠡᠳᠪᠦᠷᠢᠵᠢᠯᠲᠡ ᠶᠢᠨ | ᠠᠭᠤᠰᠤᠯᠴᠠᠯ ᠤᠨ ᠬᠠᠮᠢᠶᠠᠷᠤᠯᠲᠠ ᠶᠢᠨ ᠰᠢᠰᠲ᠋ᠧᠮ ᠤᠨ ᠰᠢᠨ᠎ᠡ ᠬᠡᠯᠪᠡᠷᠢ ᠶᠢᠨ ᠴᠢᠳᠠᠪᠤᠷᠢ ᠶᠢᠨ ᠲᠠᠰ ᠬᠤᠪᠢᠶᠠᠬᠤ | ᠱᠠᠭᠠᠷᠳᠠᠯᠭ᠎ᠠ︾ ᠶᠢᠨ ᠪᠠᠷᠢᠮᠵᠢᠶ᠎ᠠ ᠶᠣᠰᠣᠭᠠᠷ ᠠᠵᠤ ᠦᠢᠯᠡᠳᠪᠦᠷᠢᠵᠢᠯᠲᠡ ᠪᠠ ᠠᠵᠤ ᠦᠢᠯᠡᠳᠪᠦᠷᠢᠵᠢᠯᠲᠡ ᠶᠢᠨ | ᠠᠭᠤᠰᠤᠯᠴᠠᠯ ᠤᠨ ᠬᠠᠮᠢᠶᠠᠷᠤᠯᠲᠠ ᠶᠢᠨ ᠰᠢᠰᠲ᠋ᠧᠮ ᠤᠨ ᠦᠨᠡᠯᠡᠨ ᠲᠣᠭᠲᠠᠭᠠᠯᠲᠠ ᠶᠢ ᠤᠷᠤᠭᠰᠢᠲᠠᠶ ᠥᠩᠭᠡᠷᠡᠭᠦᠯᠪᠡ᠃ | ︽ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠵᠢᠯᠲᠠ ᠶᠢ ᠠᠭᠤᠰᠤᠯᠴᠠᠭᠤᠯᠬᠤ ᠬᠠᠮᠢᠶᠠᠷᠤᠯᠲᠠ ᠶᠢᠨ | ᠰᠢᠰᠲ᠋ᠧᠮᠵᠢ ᠶᠢᠨ A ᠲᠠᠰ ᠤᠨ ᠦᠨᠡᠯᠡᠨ ᠲᠣᠭᠲᠠᠭᠠᠭᠰᠠᠨ ᠦᠨᠡᠮᠯᠡᠯ︾ ᠢ ᠵᠢᠩᠬᠢᠨᠢ ᠪᠠᠷ ᠣᠯᠵᠤ᠂ ᠠᠤᠬᠠᠨ | ᠬᠤᠰᠢᠭᠤᠨ ᠤ ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠵᠢᠯᠲᠠ ᠶᠢ ᠠᠭᠤᠰᠤᠯᠴᠠᠭᠤᠯᠬᠤ ᠬᠠᠮᠢᠶᠠᠷᠤᠯᠲᠠ ᠶᠢᠨ | ᠰᠢᠰᠲ᠋ᠧᠮᠵᠢ ᠶᠢᠨ A ᠲᠠᠰ ᠤᠨ ᠭᠡᠷᠡᠴᠢᠯᠡᠯ ᠢ ᠣᠯᠤᠭᠰᠠᠨ ᠬᠤᠶᠠᠳᠤᠭᠠᠷ ᠪᠦᠯᠦᠭ ᠤᠨ ᠠᠵᠤ ᠠᠬᠤᠶᠢᠯᠠᠯ ᠪᠣᠯᠪᠠ᠃ 1 | ᠰᠠᠷ᠎ᠠ ᠶᠢᠨ 29 ᠤ ᠡᠳᠦᠷ ᠤᠨ ᠦᠳᠡ ᠶᠢᠨ ᠡᠮᠦᠨ᠎ᠡ᠂ ᠠᠣᠬᠠᠨ ᠬᠤᠰᠢᠭᠤᠨ ᠤ ᠠᠵᠤ ᠦᠢᠯᠡᠳᠪᠦᠷᠢ ᠶᠢᠨ ᠰᠢᠨᠵᠢᠯᠡᠬᠦ | ᠤᠬᠠᠭᠠᠨ ᠤ ᠲᠣᠪᠴᠢᠶ᠎ᠠ ᠳᠤ ︽ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢ ᠠᠭᠤᠰᠤᠯᠴᠠᠭᠤᠯᠬᠤ | ᠬᠠᠮᠢᠶᠠᠷᠤᠯᠲᠠ ᠶᠢᠨ ᠰᠢᠰᠲ᠋ᠧᠮᠵᠢ ᠶᠢᠨ A ᠲᠠᠰ ᠤᠨ ᠦᠨᠡᠯᠡᠨ ᠲᠣᠭᠲᠠᠭᠠᠬᠤ ᠦᠨᠡᠮᠯᠡᠯ︾ ᠢ ᠣᠯᠭᠤᠬᠤ ᠶᠣᠰᠣᠯᠠᠯ | ᠶᠠᠪᠤᠭᠤᠯᠪᠠ᠃ | ᠤᠯᠤᠰ ᠤᠨ ᠠᠵᠤ ᠦᠢᠯᠡᠳᠪᠦᠷᠢᠵᠢᠯᠲᠡ ᠶᠢ ᠠᠭᠤᠰᠤᠯᠴᠠᠭᠤᠯᠬᠤ ᠬᠠᠮᠢᠶᠠᠷᠤᠯᠲᠠ ᠶᠢᠨ ᠰᠢᠰᠲ᠋ᠧᠮᠵᠢ ᠶᠢᠨ A | ᠳᠡᠰ ᠤᠨ ᠦᠨᠡᠯᠡᠨ ᠲᠣᠭᠲᠠᠭᠠᠯᠲᠠ ᠪᠠ ᠦᠨᠡᠮᠯᠡᠯ ᠢ ᠤᠯᠬᠤ ᠪᠠᠷ ᠳᠡᠮᠵᠢᠨ᠂ ᠮᠡᠳᠡᠭᠡ ᠵᠠᠩᠭᠢᠵᠢᠯᠲᠠ ᠪᠣᠯᠤᠨ ᠠᠵᠤ | ᠦᠢᠯᠡᠳᠪᠦᠷᠢᠵᠢᠯᠲᠡ ᠶᠢᠨ ᠭᠦᠨᠵᠡᠭᠡᠶ ᠠᠭᠤᠰᠤᠯᠴᠠᠯ ᠢ ᠪᠦᠲᠦᠮᠵᠢᠲᠡᠶ ᠠᠬᠢᠭᠤᠯᠵᠤ᠂ ᠠᠵᠤ ᠠᠬᠤᠶᠢᠯᠠᠯ ᠤᠨ | ᠡᠵᠡᠩᠨᠡᠯᠲᠡ ᠬᠠᠮᠢᠶᠠᠷᠤᠯᠲᠠ ᠶᠢᠨ ᠬᠢᠷᠢ ᠲᠦᠪᠰᠢᠨ ᠪᠦᠬᠦᠯᠢ ᠴᠣᠭᠴᠠ ᠪᠠᠷ ᠢᠶᠠᠨ ᠳᠡᠭᠡᠭᠰᠢᠯᠡᠭᠰᠡᠨ ᠨᠢ ᠠᠵᠤ | ᠠᠬᠤᠶᠢᠯᠠᠯ ᠤᠨ ᠮᠡᠳᠡᠭᠡ ᠵᠠᠩᠭᠢᠵᠢᠯᠲᠠ ᠪᠠ ᠠᠵᠤ ᠦᠢᠯᠡᠳᠪᠦᠷᠢᠵᠢᠯᠲᠡ ᠶᠢᠨ ᠭᠦᠨ ᠠᠭᠤᠰᠤᠯᠴᠠᠯ ᠢ ᠠᠬᠢᠭᠤᠯᠬᠤ | ᠲᠠᠯ᠎ᠠ ᠪᠠᠷ ᠣᠯᠤᠭᠰᠠᠨ ᠡᠷᠬᠡ ᠰᠦᠷᠲᠦ ᠵᠥᠪᠰᠢᠶᠡᠷᠡᠯ ᠪᠣᠯᠤᠨ᠎ᠠ᠂ ᠡᠨᠡ ᠨᠢ ᠲᠣᠭᠠᠴᠢᠯᠠᠭᠰᠠᠨ ᠬᠡᠯᠪᠡᠷᠢ ᠶᠢ | ᠬᠤᠪᠢᠷᠠᠭᠤᠯᠬᠤ ᠠᠵᠢᠯ ᠰᠢᠨ᠎ᠡ ᠳᠡᠭᠲᠡᠷ ᠲᠤ ᠭᠠᠷᠤᠭᠰᠠᠨ ᠢ ᠬᠠᠷᠠᠭᠤᠯᠵᠤ ᠪᠠᠶᠢᠬᠤ ᠪᠥᠭᠡᠳ ᠠᠤᠬᠠᠨ ᠬᠤᠰᠢᠭᠤᠨ ᠤ | ᠮᠠᠰᠢ ᠤᠯᠠᠨ ᠤᠯᠠᠮᠵᠢᠯᠠᠯᠲᠤ ᠠᠵᠢᠯ ᠲᠦᠷᠦᠯ ᠤᠨ ᠠᠵᠤ ᠦᠢᠯᠡᠳᠪᠦᠷᠢᠵᠢᠯᠲᠡ ᠶᠢ ᠠᠭᠤᠰᠤᠯᠴᠠᠭᠤᠯᠤᠨ ᠲᠡᠰ | ᠳᠡᠪᠰᠢᠭᠦᠯᠬᠦ ᠳᠤ ᠢᠯᠡᠳᠲᠡ ᠵᠢᠱᠢᠶ᠎ᠡ ᠦᠵᠡᠭᠦᠯᠵᠦ ᠲᠤᠯᠢ ᠪᠣᠯᠭᠠᠬᠤ ᠦᠢᠯᠡᠳᠦᠯ ᠦᠵᠡᠭᠦᠯᠬᠦ ᠪᠣᠯᠤᠨ᠎ᠠ᠃ ᠣᠲᠣ | ᠪᠣᠯᠲᠠᠯ᠎ᠠ᠂ ᠠᠤᠬᠠᠨ ᠬᠤᠰᠢᠭᠤᠨ ᠤ ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠵᠢᠯᠲᠠ ᠶᠢ ᠠᠭᠤᠰᠤᠯᠴᠠᠭᠤᠯᠬᠤ | ᠬᠠᠮᠢᠶᠠᠷᠤᠯᠲᠠ ᠶᠢᠨ ᠰᠢᠰᠲ᠋ᠧᠮ ᠤᠨ ᠪᠠᠷᠢᠮᠵᠢᠶ᠎ᠠ ᠪᠠᠷ ᠦᠨᠡᠮᠯᠡᠯ ᠣᠯᠤᠭᠰᠠᠨ ᠠᠵᠤ ᠠᠬᠤᠶᠢᠯᠠᠯ ᠨᠡᠶᠢᠲᠡ 3 ᠪᠠᠶᠢᠨ᠎ᠠ᠃ | ᠳᠠᠷᠠᠭ᠎ᠠ ᠶᠢᠨ ᠠᠯᠬᠤᠮ ᠳᠤ᠂ ᠠᠣᠬᠠᠨ ᠬᠤᠰᠢᠭᠤᠨ ᠤ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ | ᠲᠣᠪᠴᠢᠶ᠎ᠠ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢ ᠠᠭᠤᠰᠤᠯᠴᠠᠭᠤᠯᠬᠤ ᠲᠥᠷᠥ ᠶᠢᠨ ᠪᠣᠳᠣᠯᠭ᠎ᠠ ᠶᠢ | ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠠᠵᠤ ᠦᠢᠯᠡᠰᠵᠢᠯᠲᠡ ᠶᠢ | ᠠᠭᠤᠰᠤᠯᠴᠠᠭᠤᠯᠬᠤ ᠬᠠᠮᠢᠶᠠᠷᠤᠯᠲᠠ ᠶᠢᠨ ᠰᠢᠰᠲ᠋ᠧᠮ ᠤᠨ ᠪᠠᠷᠢᠮᠵᠢᠶ᠎ᠠ ᠳᠤ ᠲᠤᠭᠤᠰᠢᠯᠠᠭᠤᠯᠬᠤ ᠠᠵᠢᠯ ᠤᠨ ᠴᠢᠬᠤᠯᠠ | ᠴᠢᠨᠠᠷ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠢ ᠪᠤᠶᠢᠵᠢᠭᠤᠯᠬᠤ ᠪᠠ ᠬᠥᠲᠥᠯᠦᠨ | ᠵᠢᠯᠣᠭᠤᠳᠴᠤ ᠪᠠᠶᠢᠭᠠᠳ ᠠᠵᠤ ᠦᠢᠯᠡᠳᠪᠦᠷᠢᠵᠢᠯᠲᠡ ᠬᠢᠭᠡᠳ ᠮᠡᠳᠡᠭᠡ ᠵᠠᠩᠭᠢᠵᠢᠯᠲᠠ ᠶᠢ ᠠᠭᠤᠰᠤᠯᠴᠠᠭᠤᠯᠬᠤ | ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠷᠢᠮᠵᠢᠶ᠎ᠠ ᠶᠢ ᠲᠤᠭᠤᠰᠢᠯᠠᠭᠤᠯᠬᠤ ᠠᠵᠢᠯ ᠢ ᠢᠳᠡᠪᠬᠢᠲᠡᠶ ᠥᠷᠨᠢᠭᠦᠯᠬᠦ ᠵᠡᠷᠭᠡ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠢᠳᠡᠪᠬᠢᠲᠡᠶ ᠥᠷᠨᠢᠭᠦᠯᠵᠦ᠂ ᠠᠵᠤ ᠠᠬᠤᠶᠢᠯᠠᠯ ᠤᠨ ᠠᠵᠤ | ᠦᠢᠯᠡᠳᠪᠦᠷᠢᠵᠢᠯᠲᠡ ᠪᠠ ᠮᠡᠳᠡᠭᠡ ᠵᠠᠩᠭᠢᠵᠢᠯᠲᠠ ᠶᠢ ᠠᠭᠤᠰᠤᠯᠴᠠᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ | ᠨᠢᠭᠡ ᠠᠯᠬᠤᠮ ᠭᠦᠨᠵᠡᠭᠡᠶᠢᠷᠡᠭᠦᠯᠦᠨ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ | ᠪᠠ ᠮᠡᠷᠭᠡᠵᠢᠯ ᠤᠨ ᠬᠡᠷᠡᠭᠯᠡᠭᠡᠨ ᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠭᠤᠰᠤᠯᠴᠠᠭᠤᠯᠤᠨ | ᠬᠥᠭᠵᠢᠭᠦᠯᠬᠦ ᠶᠢ ᠦᠢᠯᠡᠳᠬᠦ ᠦᠢᠯᠡᠰ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠠᠵᠢᠯ ᠤᠨ ᠡᠬᠢᠨ ᠠᠴᠠ | ᠳᠠᠭᠤᠰᠲᠠᠯ᠎ᠠ ᠲᠤᠭᠤᠰᠢᠯᠠᠭᠤᠯᠵᠤ᠂ ᠥᠨᠳᠥᠷ ᠬᠢᠷᠢ ᠲᠦᠪᠰᠢᠨ ᠤ ᠠᠭᠤᠰᠤᠯᠴᠠᠯ ᠢᠶᠠᠷ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠤᠨ᠎ᠠ᠃ |