| ᠣᠶᠢᠷ᠎ᠠ ᠶᠢᠨ ᠵᠢᠯ ᠤᠳ ᠲᠤ᠂ ᠠᠣᠬᠠᠨ ᠬᠤᠰᠢᠭᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ | ᠰᠣᠯᠢᠯᠴᠠᠭᠠᠨ ᠤ ᠲᠥᠪ ᠠᠴᠠ ᠠᠷᠠᠯᠵᠢᠶ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠶᠢ ᠬᠥᠭᠵᠢᠯᠲᠡ ᠶᠢᠨ | ᠪᠥᠬᠦ ᠲᠠᠯ᠎ᠠ ᠳᠤ ᠬᠤᠯᠪᠣᠭᠳᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠣᠯᠠᠨ ᠨᠡᠶᠢᠲᠡ ᠶᠢᠨ ᠡᠬᠢ | ᠪᠠᠶᠠᠯᠢᠭ ᠤᠨ ᠰᠣᠯᠢᠯᠴᠠᠭᠠᠨ ᠤ ᠬᠦᠷᠢᠶᠡᠨ ᠳᠠᠬᠢ ᠲᠦᠪᠡᠭᠲᠡᠶ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ | ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠮᠢᠶᠠᠷᠤᠯᠲᠠ ᠦᠢᠯᠡᠴᠢᠯᠡᠭᠡ ᠶᠢ ᠵᠢᠷᠤᠮᠵᠢᠭᠤᠯᠤᠨ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ | ᠰᠣᠯᠢᠯᠴᠠᠭᠠᠨ ᠤ ᠤᠶᠤᠨᠴᠢᠯᠠᠭᠰᠠᠨ᠂ ᠵᠢᠷᠤᠮᠵᠢᠭᠤᠯᠤᠭᠰᠠᠨ᠂ ᠳᠥᠭᠦᠮᠴᠢᠯᠡᠭᠰᠡᠨ ᠦᠢᠯᠡᠴᠢᠯᠡᠭᠡᠨ ᠤ | ᠬᠠᠮᠢᠶᠠᠷᠤᠯᠲᠠ ᠶᠢᠨ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠪᠡ᠃ | ᠨᠢᠭᠡ ᠳᠤ ᠂ ᠰᠣᠯᠢᠯᠴᠠᠭᠠᠨ ᠤ ᠮᠡᠳᠡᠭᠡ ᠵᠠᠩᠭᠢ ᠶᠢ ᠢᠯᠡ ᠪᠣᠯᠭᠠᠬᠤ ᠬᠦᠴᠦᠨ ᠵᠦᠢᠯ ᠂ ᠨᠡᠶᠢᠲᠡᠯᠡᠬᠦ ᠴᠠᠭ ᠤᠨ | ᠬᠢᠵᠠᠭᠠᠷ ᠢ ᠴᠢᠩᠭ᠎ᠠ ᠵᠢᠷᠤᠮᠵᠢᠭᠤᠯᠵᠤ᠂ ᠲᠣᠭᠲᠠᠭᠠᠯ ᠶᠣᠰᠣᠭᠠᠷ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠤᠯᠤᠰ ᠤᠨ ᠥᠮᠴᠢᠯᠡᠯ ᠤᠨ ᠭᠠᠵᠠᠷ ᠰᠢᠷᠣᠶ ᠶᠢᠨ | ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ᠂ ᠤᠯᠤᠰ ᠤᠨ ᠥᠮᠴᠢᠯᠡᠯ ᠤᠨ ᠥᠮᠴᠢᠯᠡᠬᠦ ᠡᠷᠬᠡ ᠶᠢ ᠰᠣᠯᠢᠯᠴᠠᠬᠤ | ᠵᠡᠷᠭᠡ ᠮᠡᠳᠡᠭᠡ ᠵᠠᠩᠭᠢ ᠶᠢ ᠨᠡᠶᠢᠲᠡᠯᠡᠬᠦ ᠠᠵᠢᠯ ᠢ ᠰᠠᠶᠢᠲᠤᠷ ᠬᠢᠨ᠎ᠡ᠃ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ | ᠠᠯᠪᠠᠨ ᠵᠠᠷ᠂ ᠵᠠᠯᠠᠷᠠᠭᠤᠯᠬᠤ ᠠᠯᠪᠠᠨ ᠵᠠᠷ᠂ ᠳᠠᠭᠠᠭᠠᠴᠢᠯᠠᠯᠲᠠ ᠤᠯᠬᠤ ᠠᠯᠪᠠᠨ ᠵᠠᠷ ᠵᠡᠷᠭᠡ ᠮᠡᠳᠡᠭᠡ ᠵᠠᠩᠭᠢ ᠶᠢ ᠴᠥᠮ | ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠡᠯᠧᠺᠲᠷᠣᠨ | ᠦᠢᠯᠡᠴᠢᠯᠡᠭᠡᠨ ᠤ ᠰᠢᠰᠲ᠋ᠧᠮ ᠪᠠ ᠤᠯᠠᠭᠠᠨᠬᠠᠳᠠ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ | ᠰᠣᠯᠢᠯᠴᠠᠭᠠᠨ ᠤ ᠡᠯᠧᠺᠲᠷᠣᠨ ᠦᠢᠯᠡᠴᠢᠯᠡᠭᠡᠨ ᠤ ᠰᠢᠰᠲ᠋ᠧᠮ ᠵᠡᠷᠭᠡ ᠰᠦᠯᠵᠢᠶᠡᠨ ᠥᠷᠲᠡᠭᠡ ᠳᠤ ᠨᠡᠶᠢᠲᠡᠯᠡᠨ᠎ᠡ᠃ | ᠬᠤᠶᠠᠷ ᠲᠤ ᠂ ᠪᠣᠶ ᠪᠥᠬᠦᠶ ᠲᠠᠯᠠᠪᠤᠷ ᠲᠤ ᠣᠷᠣᠵᠤ ᠰᠣᠯᠢᠯᠴᠠᠭᠠᠨ ᠤ ᠲᠥᠷᠥᠯ ᠵᠦᠢᠯ ᠳᠤ ᠪᠥᠬᠦ ᠶᠠᠪᠤᠴᠠ ᠶᠢᠨ | ᠲᠠᠯᠠᠪᠤᠷ ᠲᠠᠬᠢ ᠰᠣᠯᠢᠯᠴᠠᠭᠠᠨ ᠤ ᠭᠡᠷᠡᠴᠢᠯᠡᠯ ᠬᠢᠵᠦ᠂ ᠳᠠᠭᠠᠭᠠᠴᠢᠯᠠᠯᠲᠠ ᠦᠨᠡᠯᠡᠬᠦ ᠲᠣᠭᠤᠷᠢᠭ ᠤᠨ ᠪᠢᠲᠡᠭᠦᠮᠵᠢᠯᠡᠭᠰᠡᠨ | ᠬᠡᠯᠪᠡᠷᠢ ᠶᠢᠨ ᠬᠠᠮᠢᠶᠠᠷᠤᠯᠲᠠ ᠶᠢᠨ ᠲᠦᠷᠢᠮ ᠢ ᠴᠢᠩᠳᠠᠯᠠᠵᠤ᠂ ᠲᠤᠰᠬᠠᠶ ᠬᠥᠮᠦᠨ ᠢᠶᠠᠷ ᠬᠠᠮᠢᠶᠠᠷᠤᠭᠤᠯᠵᠤ | ᠳᠠᠭᠠᠭᠠᠴᠢᠯᠠᠯᠲᠠ ᠦᠨᠡᠯᠡᠬᠦ ᠲᠣᠭᠤᠷᠢᠭ ᠤᠨ ᠬᠤᠷᠠᠯ ᠳᠤ ᠣᠷᠣᠯᠴᠠᠭᠰᠠᠳ ᠤᠨ ᠪᠠᠶᠢᠳᠠᠯ ᠤᠨ ᠳᠡᠩᠰᠡᠯᠡᠯᠲᠡ ᠶᠢ | ᠰᠠᠶᠢᠲᠤᠷ ᠬᠢᠵᠦ᠂ ᠲᠤᠰᠬᠠᠶ ᠬᠥᠮᠦᠨ ᠢᠶᠠᠷ ᠲᠠᠯᠠᠪᠤᠷ ᠲᠤ ᠣᠷᠣᠵᠤ ᠰᠣᠯᠢᠯᠴᠠᠬᠤ ᠡᠯ᠎ᠡ ᠲᠥᠷᠥᠯ ᠤᠨ ᠲᠥᠷᠥᠯ | ᠵᠦᠢᠯ ᠳᠤ ᠮᠥᠷᠳᠡᠨ ᠦᠢᠯᠡᠴᠢᠯᠡᠬᠦ ᠶᠢ ᠬᠠᠷᠢᠭᠤᠴᠠᠭᠤᠯᠤᠨ᠎ᠠ᠃ | ᠭᠤᠷᠪᠠ ᠳᠤ᠂ ᠡᠯ᠎ᠡ ᠵᠦᠢᠯ ᠤᠨ ᠲᠦᠷᠢᠮ ᠲᠣᠭᠲᠠᠭᠠᠯ ᠢ ᠪᠦᠷᠢᠨᠰᠢᠬᠦᠯᠵᠦ᠂ ︽ᠠᠤᠬᠠᠨ ᠬᠤᠰᠢᠭᠤᠨ ᠤ ᠣᠯᠠᠨ | ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠥᠪ ᠤᠨ ᠵᠢᠷᠤᠮᠵᠢᠭᠰᠠᠨ ᠦᠢᠯᠡᠴᠢᠯᠡᠭᠡᠨ ᠤ ᠪᠠᠷᠢᠮᠵᠢᠶ᠎ᠠ ᠶᠢᠨ | ᠴᠤᠪᠤᠷᠠᠯ︾ ᠢ ᠲᠣᠭᠲᠠᠭᠠᠵᠤ᠂ ᠲᠦᠷᠢᠮ ᠢᠶᠠᠷ ᠬᠥᠮᠦᠨ ᠪᠠ ᠬᠡᠷᠡᠭ ᠶᠠᠪᠤᠳᠠᠯ ᠢ ᠬᠠᠮᠢᠶᠠᠷᠬᠤ ᠶᠢ ᠪᠠᠷᠢᠮᠲᠠᠯᠠᠨ᠂ | ᠦᠢᠯᠡᠴᠢᠯᠡᠭᠡᠨ ᠤ ᠤᠬᠠᠮᠰᠠᠷ᠂ ᠠᠷᠠᠳ ᠲᠤ ᠲᠥᠬᠦᠮ ᠦᠵᠡᠭᠦᠯᠬᠦ ᠤᠬᠠᠮᠰᠠᠷ ᠢ ᠴᠢᠩᠭᠠᠳᠬᠠᠵᠤ᠂ ᠠᠵᠢᠯ ᠤᠨ ᠦᠷ᠎ᠡ | ᠪᠦᠲᠦᠮᠵᠢ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠳᠥᠷᠪᠡ ᠳᠤ ᠂ ᠲᠤᠰᠬᠠᠶᠢᠵᠢᠭᠰᠠᠨ ᠪᠦᠯᠬᠦᠮ ᠨᠡᠶᠢᠲᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠠᠳᠠᠭᠰᠢ | ᠭᠠᠷᠴᠤ ᠰᠤᠷᠤᠯᠴᠠᠬᠤ᠂ ᠲᠥᠪᠯᠡᠷᠡᠭᠦᠯᠦᠨ ᠪᠣᠯᠪᠠᠰᠤᠷᠠᠭᠤᠯᠬᠤ ᠪᠠ ᠲᠤᠰᠬᠠᠶ ᠲᠠᠶᠢᠯᠤᠮᠵᠢ ᠬᠢᠬᠦ ᠪᠠ ᠬᠤᠪᠢ ᠬᠥᠮᠦᠨ ᠤ | ᠥᠪᠡᠰᠦᠪᠡᠨ ᠰᠤᠷᠤᠯᠴᠠᠬᠤ ᠶᠢ ᠤᠶᠠᠯᠳᠤᠭᠤᠯᠬᠤ᠂ ︽ᠰᠦᠯᠵᠢᠶᠡᠨ ᠭᠠᠳᠠᠨᠠᠬᠢ︾ ᠰᠤᠷᠤᠯᠴᠠᠬᠤ ᠪᠠ ︽ᠰᠦᠯᠵᠢᠶᠡᠨ | ᠳᠡᠭᠡᠷ᠎ᠡ︾ ᠰᠤᠷᠤᠯᠴᠠᠬᠤ ᠶᠢ ᠤᠶᠠᠯᠳᠤᠭᠤᠯᠬᠤ᠂ ᠣᠨᠣᠯ ᠰᠤᠷᠤᠯᠴᠠᠬᠤ ᠪᠠ ᠬᠡᠷᠡᠭ ᠤᠨ ᠵᠢᠱᠢᠶ᠎ᠡ ᠶᠢ ᠰᠤᠷᠤᠯᠴᠠᠬᠤ ᠶᠢ | ᠤᠶᠠᠯᠳᠤᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠠᠷᠠᠯᠵᠢᠶᠠᠯᠠᠭᠴᠢ ᠶᠢᠨ ᠲᠤᠰᠬᠠᠶ ᠮᠡᠷᠭᠡᠵᠢᠯ ᠤᠨ ᠬᠡᠪ | ᠪᠣᠯᠪᠠᠰᠤᠷᠠᠯ ᠪᠠ ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ |