ᠠᠤᠬᠠᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2024/1/5
     12 ᠰᠠᠷ᠎ᠠ ᠶᠢᠨ 29 ᠤ ᠡᠳᠦᠷ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠢᠪᠠ᠃ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠱᠦᠵᠢ᠂ ᠵᠠᠬᠢᠷᠤᠯ᠂ ᠬᠡᠤᠬᠡᠳ ᠤᠨ ᠴᠡᠴᠡᠷᠯᠢᠭ ᠤᠨ ᠳᠠᠷᠤᠭ᠎ᠠ᠂ ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠲᠠᠰᠤᠭ ᠤᠨ ᠬᠠᠷᠢᠭᠤᠴᠠᠯᠭᠠᠲᠠᠨ ᠵᠢᠴᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ ᠤᠨ ᠡᠯ᠎ᠡ ᠥᠷᠲᠡᠭᠡ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂ ᠬᠤᠷᠠᠯ ᠢ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠵᠠᠩ ᠭᠦᠸᠧ ᠾᠦᠢ ᠡᠷᠭᠢᠯᠡᠪᠡ᠃    ᠬᠤᠷᠠᠯ ᠠᠴᠠ᠂ ︽ᠠᠮᠤᠷ ᠲᠦᠪᠰᠢᠨ ᠤ ᠴᠢᠪᠬᠠᠳᠠᠰᠤ︾ ᠶᠢ ᠴᠢᠩᠳᠠᠯᠠᠵᠤ᠂ ︽ᠬᠠᠷᠢᠭᠤᠴᠠᠯᠭ᠎ᠠ ᠶᠢᠨ  ᠲᠣᠣᠷᠵᠢᠯ︾ ᠢ ᠨᠢᠭᠲᠠ ᠰᠦᠯᠵᠢᠵᠦ᠂ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠠᠮᠤᠷ ᠲᠦᠪᠰᠢᠨ ᠤ ᠬᠥᠮᠦᠵᠢᠯ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ᠂ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠵᠡᠷᠭᠡ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ᠂ ᠨᠠᠰᠤᠨ ᠳᠤ ᠦᠯᠦ ᠬᠦᠷᠦᠭᠰᠡᠳ ᠤᠨ ᠬᠠᠮᠠᠭᠠᠯᠠᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠶᠢᠲᠤᠷ ᠰᠠᠬᠢᠬᠤ ᠬᠡᠷᠡᠭᠲᠡᠢ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠢ ᠲᠤᠪᠤᠶᠢᠯᠭᠠᠨ᠂ ᠰᠤᠷᠤᠭᠴᠢᠳ ᠤᠨ ᠭᠤᠣᠯᠯᠠᠬᠤ ᠬᠡᠪ ᠪᠣᠯᠪᠠᠰᠤᠷᠠᠯ ᠢ ᠬᠥᠮᠦᠵᠢᠭᠦᠯᠬᠦ ᠂ ᠬᠡᠪ ᠴᠢᠨᠠᠷ ᠤᠨ ᠰᠤᠷᠭᠠᠨ ᠬᠥᠮᠦᠵᠢᠯ ᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠵᠤ᠂ ᠡᠯ᠎ᠡ ᠱᠠᠳᠤ ᠦᠶ᠎ᠡ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠬᠦ ᠬᠡᠷᠡᠭᠲᠡᠢ᠃ ᠠᠷᠠᠳᠴᠢᠯᠠᠭᠰᠠᠨ ᠬᠠᠮᠢᠶᠠᠷᠤᠯᠲᠠ ᠶᠢ ᠴᠢᠩᠭᠠᠳᠬᠠᠵᠤ᠂ ᠲᠤᠰᠢᠶᠠᠯ ᠦᠨᠡᠯᠡᠬᠦ᠂ ᠦᠯᠢᠭᠡᠷ ᠳᠠᠭᠤᠷᠢᠶᠠᠯ ᠪᠣᠯᠬᠤ᠂ ᠬᠥᠬᠢᠭᠦᠯᠦᠨ ᠰᠠᠶᠢᠰᠢᠶᠠᠬᠤ ᠲᠣᠭᠲᠠᠴᠠ ᠶᠢ ᠲᠡᠭᠦᠯᠳᠡᠷᠵᠢᠭᠦᠯᠵᠦ᠂ ᠤᠯᠠᠨ ᠳᠠᠪᠬᠤᠷᠭ᠎ᠠ ᠠᠴᠠ ᠡᠶ᠎ᠡ ᠵᠣᠬᠢᠴᠠᠩᠭᠤᠢ ᠲᠣᠭᠲᠠᠭᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠣᠷᠴᠢᠨ ᠲᠣᠭᠤᠷᠢᠨ ᠢ ᠪᠠᠶᠢᠭᠤᠯᠬᠤ ᠬᠡᠷᠡᠭᠲᠡᠢ ᠭᠡᠵᠦ  ᠵᠢᠭᠠᠨ ᠭᠠᠷᠭᠠᠪᠠ ᠃    ᠬᠤᠷᠠᠯ ᠠᠴᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠰᠠᠶᠢᠲᠤᠷ ᠠᠳᠬᠤᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠴᠢᠩᠭᠠᠳᠬᠠᠬᠤ ᠬᠡᠷᠡᠭᠲᠡᠢ᠃ ᠳᠤᠮᠳᠠᠳᠤ ᠪᠠᠭ᠎ᠠ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠦᠢᠯᠡᠳᠦᠯ ᠢ ᠪᠠᠳᠠᠷᠠᠭᠤᠯᠬᠤ ᠪᠠᠶᠢᠭᠤᠯᠤᠮᠵᠢ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠳᠤᠮᠳᠠᠳᠤ ᠪᠠᠭ᠎ᠠ ᠰᠤᠷᠭᠠᠭᠤᠯᠢ ᠳᠤ ᠦᠨᠡᠨ ᠬᠦ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠶᠢ ᠪᠠᠲᠤᠯᠠᠬᠤ ᠬᠡᠷᠡᠭᠲᠡᠢ᠃ ᠤᠳᠤᠷᠢᠳᠬᠤ ᠪᠠᠭ ᠢᠶᠠᠨ ᠰᠠᠶᠢᠲᠤᠷ ᠠᠳᠬᠤᠵᠤ᠂ ᠡᠩᠨᠡᠭᠡ ᠪᠠᠨ ᠰᠠᠶᠢᠲᠤᠷ ᠳᠠᠭᠠᠭᠤᠯᠵᠤ᠂ ᠲᠦᠷᠦᠭᠦᠴᠢ ᠭᠠᠯᠠᠭᠤ ᠶᠢᠨ ᠦᠢᠯᠡᠳᠦᠯ ᠢ ᠪᠠᠳᠠᠷᠠᠭᠤᠯᠵᠤ᠂ ᠲᠦᠷᠦᠭᠦᠯᠡᠨ ᠬᠦᠴᠢᠷ ᠪᠡᠷᠬᠡᠰᠢᠶᠡᠯ ᠢ ᠡᠭᠦᠷᠭᠡᠯᠡᠵᠦ᠂ ᠬᠦᠨᠳᠦ ᠡᠭᠦᠷᠭᠡ ᠶᠢ ᠡᠭᠦᠷᠭᠡᠯᠡᠵᠦ᠂ ᠡᠯ᠎ᠡ ᠵᠦᠢᠯ ᠤᠨ ᠠᠵᠢᠯ  ᠢ ᠥᠨᠳᠥᠷ ᠪᠦᠲᠦᠮᠵᠢᠲᠡᠢ ᠠᠬᠢᠭᠤᠯᠬᠤ ᠬᠡᠷᠡᠭᠲᠡᠢ᠃ ᠵᠢᠯ ᠤᠨ ᠡᠴᠦᠰ ᠤᠨ ᠳ᠋ᠦᠩᠨᠡᠯᠲᠡ ᠪᠠ ᠠᠵᠢᠯ ᠤᠨ ᠲᠥᠯᠦᠪᠵᠢᠭᠦᠯᠭᠡ ᠶᠢ ᠰᠠᠶᠢᠲᠤᠷ ᠠᠳᠬᠤᠵᠤ᠂ ᠳᠠᠩᠰᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢᠨ ᠬᠠᠷᠠᠯᠲᠠ ᠶᠢ ᠰᠤᠯᠠᠷᠠᠭᠤᠯᠤᠯ ᠦᠭᠡᠢ ᠴᠢᠩᠭ᠎ᠠ ᠠᠩᠬᠠᠷᠴᠤ᠂ ᠰᠠᠭᠤᠷᠢ ᠴᠢᠨᠠᠷᠲᠠᠢ᠂ ᠤᠷᠢᠳᠠᠴᠢ ᠴᠢᠨᠠᠷᠲᠠᠢ ᠠᠵᠢᠯ ᠤᠨ ᠪᠡᠯᠡᠳᠬᠡᠯ ᠢ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠰᠠᠶᠢᠲᠤᠷ ᠪᠡᠶᠡᠯᠡᠭᠦᠯᠵᠦ᠂ ᠰᠠᠶᠢᠨ ᠡᠬᠢᠯᠡᠯᠲᠡ ᠲᠠᠢ ᠪᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠩᠭᠠᠳᠬᠠᠪᠠ᠃    ᠬᠤᠷᠠᠯ ᠳᠡᠭᠡᠷ᠎ᠡ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠠᠮ ᠤᠨ ᠪᠠᠶᠢᠭᠤᠯᠤᠯᠲᠠ ᠶᠢᠨ ᠠᠵᠢᠯ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ᠂ ᠰᠤᠷᠭᠠᠨ ᠬᠥᠮᠦᠵᠢᠯ ᠵᠢᠭᠠᠨ ᠰᠤᠷᠭᠠᠯᠲᠠ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠠᠮᠤᠷ ᠲᠦᠪᠰᠢᠨ ᠤ ᠬᠥᠮᠦᠵᠢᠯ᠂ ᠠᠷᠤ ᠲᠠᠯ᠎ᠠ ᠶᠢᠨ ᠦᠢᠯᠡᠴᠢᠯᠡᠭᠡᠨ ᠤ ᠬᠠᠮᠢᠶᠠᠷᠤᠯᠲᠠ᠂ ᠡᠳ᠋ ᠤᠨ ᠶᠠᠪᠤᠳᠠᠯ ᠤᠨ ᠬᠠᠮᠢᠶᠠᠷᠤᠯᠲᠠ ᠵᠡᠷᠭᠡ ᠭᠤᠣᠯᠳᠠᠯᠭ᠎ᠠ ᠲᠠᠢ ᠠᠵᠢᠯ ᠢ ᠨᠠᠷᠢᠨ ᠨᠢᠭᠲᠠ ᠲᠤᠬᠢᠷᠠᠭᠤᠯᠤᠨ ᠪᠠᠶᠢᠷᠢᠯᠠᠭᠤᠯᠵᠠᠢ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号