ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠪᠥᠬᠦ ᠬᠤᠲᠠ ᠶᠢᠨ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠲᠡᠷᠢᠭᠦᠨ ᠤ ᠨᠢᠭᠡᠴᠢ ᠪᠠᠷ ᠦᠨᠡᠯᠡᠭᠳᠡᠪᠡ
ᠨᠡᠶᠢᠲᠡᠯᠡᠭᠰᠡᠨ ᠴᠠᠭ᠄
2024/1/5
     ᠣᠶᠢᠷ᠎ᠠ ᠳᠤ᠂ ᠤᠯᠠᠭᠠᠨᠬᠠᠳᠠ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠪᠥᠬᠦ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ᠬᠠᠤᠯᠢ ᠲᠦᠷᠢᠮᠳᠦ ᠡᠳ᠋ ᠤᠨ ᠵᠠᠰᠠᠭ ᠤᠨ ᠪᠠᠶᠢᠭᠤᠯᠤᠯᠲᠠ ᠶᠢ  ᠱᠠᠯᠠᠪᠳᠠᠭᠤᠯᠤᠨ ᠪᠠᠶᠢᠴᠠᠭᠠᠵᠤ ᠰᠢᠯᠭᠠᠨ ᠦᠨᠡᠯᠡᠬᠦ ᠰᠢᠯᠢᠳᠡᠭ  ᠨᠢᠭᠡᠴᠢ ᠶᠢ ᠬᠥᠬᠢᠭᠦᠯᠦᠨ ᠰᠠᠶᠢᠰᠢᠶᠠᠵᠤ᠂ ᠪᠥᠬᠦ ᠬᠤᠲᠠ ᠶᠢᠨ 12 ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠶᠡᠷᠦᠩᠬᠡᠶᠢᠯᠡᠭᠰᠡᠨ ᠰᠢᠯᠭᠠᠨ ᠦᠨᠡᠯᠡᠯᠲᠡ ᠳᠤ ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠬᠠᠤᠯᠢ ᠲᠦᠷᠢᠮᠳᠦ ᠡᠳ᠋ ᠤᠨ ᠵᠠᠰᠠᠭ ᠤᠨ ᠪᠠᠶᠢᠭᠤᠯᠤᠯᠲᠠ ᠶᠢᠨ ᠠᠵᠢᠯ ᠪᠥᠬᠦ ᠬᠤᠲᠠ ᠳᠤ ᠨᠢᠭᠡᠳᠦᠭᠡᠷ ᠲᠤ ᠣᠷᠣᠪᠠ᠃    ᠣᠶᠢᠷ᠎ᠠ ᠶᠢᠨ ᠵᠢᠯ ᠠᠴᠠ ᠨᠠᠰᠢ᠂ ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ︽ᠡᠳ᠋ ᠮᠦᠩᠬᠦ ᠪᠠᠷ ᠵᠠᠰᠠᠭ ᠪᠠᠷᠢᠬᠤ ᠦᠢᠯᠡᠴᠢᠯᠡᠭᠡ︾ ᠶᠢᠨ ᠣᠶᠢᠯᠠᠭᠠᠭᠳᠠᠬᠤᠨ ᠲᠠᠢ ᠨᠢᠭᠲᠠ ᠤᠶᠠᠯᠳᠤᠭᠤᠯᠤᠨ᠂ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠬᠠᠤᠯᠢ ᠲᠣᠭᠲᠠᠭᠠᠯ ᠲᠦᠷᠢᠮ ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠡᠳ᠋ ᠤᠨ ᠵᠠᠰᠠᠭ ᠤᠨ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠡᠳ᠋ ᠤᠨ ᠵᠠᠰᠠᠭ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠨ᠂ ᠡᠳ᠋ ᠤᠨ ᠵᠠᠰᠠᠭ ᠤᠨ ᠬᠠᠤᠯᠢ ᠲᠦᠷᠢᠮ ᠤᠨ ᠤᠬᠠᠭᠤᠯᠭ᠎ᠠ ᠬᠥᠮᠦᠵᠢᠯ ᠤᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢᠨ ᠬᠠᠤᠯᠢ ᠶᠣᠰᠣᠭᠠᠷ ᠡᠳ᠋ ᠤᠨ ᠶᠠᠪᠤᠳᠠᠯ ᠢ ᠬᠠᠮᠢᠶᠠᠷᠬᠤ ᠶᠢ ᠳᠥᠯᠭᠢᠨ ᠠᠬᠢᠭᠤᠯᠵᠤ᠂ ᠡᠳ᠋ ᠤᠨ ᠵᠠᠰᠠᠭ ᠤᠨ ᠥᠭᠡᠷᠡᠴᠢᠯᠡᠯᠲᠡ ᠬᠥᠭᠵᠢᠯᠲᠡ ᠶᠢᠨ ᠰᠠᠶᠢᠨ ᠰᠠᠶᠢᠬᠠᠨ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠪᠣᠶ ᠪᠣᠯᠭᠠᠵᠤ᠂ ᠡᠳ᠋ ᠤᠨ ᠵᠠᠰᠠᠭ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ ᠠᠬᠢᠭᠤᠯᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢᠨ ᠬᠠᠤᠯᠢ ᠳᠦᠷᠢᠮᠵᠢᠭᠦᠯᠬᠦ ᠬᠢᠷᠢ ᠲᠦᠪᠰᠢᠨ ᠢ ᠬᠦᠴᠦᠲᠡᠶ ᠳᠡᠭᠡᠭᠰᠢᠯᠡᠭᠦᠯᠪᠡ᠃    ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠡᠳ᠋ ᠤᠨ ᠵᠠᠰᠠᠭ ᠤᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠬᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠡᠳ᠋ ᠤᠨ ᠶᠠᠪᠤᠳᠠᠯ ᠢ ᠬᠠᠮᠢᠶᠠᠷᠬᠤ ᠴᠢᠳᠠᠪᠤᠷᠢ ᠪᠠ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠳᠤ ᠦᠨᠡᠨ ᠬᠦ ᠪᠠᠲᠤ ᠴᠢᠩᠭ᠎ᠠ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号