12 ᠰᠠᠷ᠎ᠠ ᠶᠢᠨ 29 ᠤ ᠡᠳᠦᠷ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠣᠶᠢᠷ᠎ᠠ ᠶᠢᠨ | ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠢᠪᠠ᠃ ᠲᠣᠪᠴᠢᠶ᠎ᠠ ᠶᠢᠨ ᠤᠳᠤᠷᠢᠳᠬᠤ | ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ | ᠱᠦᠵᠢ᠂ ᠵᠠᠬᠢᠷᠤᠯ᠂ ᠬᠡᠤᠬᠡᠳ ᠤᠨ ᠴᠡᠴᠡᠷᠯᠢᠭ ᠤᠨ ᠳᠠᠷᠤᠭ᠎ᠠ᠂ ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ | ᠲᠠᠰᠤᠭ ᠤᠨ ᠬᠠᠷᠢᠭᠤᠴᠠᠯᠭᠠᠲᠠᠨ ᠵᠢᠴᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ ᠤᠨ | ᠡᠯ᠎ᠡ ᠥᠷᠲᠡᠭᠡ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂ ᠬᠤᠷᠠᠯ ᠢ ᠰᠤᠷᠭᠠᠨ ᠬᠥᠮᠦᠵᠢᠯ ᠤᠨ | ᠠᠵᠢᠯ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠵᠠᠩ ᠭᠦᠸᠧ ᠾᠦᠢ ᠡᠷᠭᠢᠯᠡᠪᠡ᠃ | ᠬᠤᠷᠠᠯ ᠠᠴᠠ᠂ ︽ᠠᠮᠤᠷ ᠲᠦᠪᠰᠢᠨ ᠤ ᠴᠢᠪᠬᠠᠳᠠᠰᠤ︾ ᠶᠢ ᠴᠢᠩᠳᠠᠯᠠᠵᠤ᠂ ︽ᠬᠠᠷᠢᠭᠤᠴᠠᠯᠭ᠎ᠠ ᠶᠢᠨ | ᠲᠣᠣᠷᠵᠢᠯ︾ ᠢ ᠨᠢᠭᠲᠠ ᠰᠦᠯᠵᠢᠵᠦ᠂ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠠᠮᠤᠷ ᠲᠦᠪᠰᠢᠨ ᠤ ᠬᠥᠮᠦᠵᠢᠯ᠂ | ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ᠂ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ | ᠵᠡᠷᠭᠡ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ᠂ ᠨᠠᠰᠤᠨ ᠳᠤ ᠦᠯᠦ ᠬᠦᠷᠦᠭᠰᠡᠳ ᠤᠨ ᠬᠠᠮᠠᠭᠠᠯᠠᠯᠲᠠ ᠶᠢ | ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠶᠢᠲᠤᠷ ᠰᠠᠬᠢᠬᠤ | ᠬᠡᠷᠡᠭᠲᠡᠢ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠭᠤᠣᠯ | ᠬᠠᠷᠢᠭᠤᠴᠠᠯᠭ᠎ᠠ ᠭᠤᠣᠯ ᠠᠵᠢᠯ ᠢ ᠲᠤᠪᠤᠶᠢᠯᠭᠠᠨ᠂ ᠰᠤᠷᠤᠭᠴᠢᠳ ᠤᠨ ᠭᠤᠣᠯᠯᠠᠬᠤ ᠬᠡᠪ ᠪᠣᠯᠪᠠᠰᠤᠷᠠᠯ ᠢ ᠬᠥᠮᠦᠵᠢᠭᠦᠯᠬᠦ ᠂ | ᠬᠡᠪ ᠴᠢᠨᠠᠷ ᠤᠨ ᠰᠤᠷᠭᠠᠨ ᠬᠥᠮᠦᠵᠢᠯ ᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠵᠤ᠂ ᠡᠯ᠎ᠡ ᠱᠠᠳᠤ ᠦᠶ᠎ᠡ ᠶᠢᠨ | ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠬᠦ ᠬᠡᠷᠡᠭᠲᠡᠢ᠃ | ᠠᠷᠠᠳᠴᠢᠯᠠᠭᠰᠠᠨ ᠬᠠᠮᠢᠶᠠᠷᠤᠯᠲᠠ ᠶᠢ ᠴᠢᠩᠭᠠᠳᠬᠠᠵᠤ᠂ ᠲᠤᠰᠢᠶᠠᠯ ᠦᠨᠡᠯᠡᠬᠦ᠂ ᠦᠯᠢᠭᠡᠷ ᠳᠠᠭᠤᠷᠢᠶᠠᠯ ᠪᠣᠯᠬᠤ᠂ | ᠬᠥᠬᠢᠭᠦᠯᠦᠨ ᠰᠠᠶᠢᠰᠢᠶᠠᠬᠤ ᠲᠣᠭᠲᠠᠴᠠ ᠶᠢ ᠲᠡᠭᠦᠯᠳᠡᠷᠵᠢᠭᠦᠯᠵᠦ᠂ ᠤᠯᠠᠨ ᠳᠠᠪᠬᠤᠷᠭ᠎ᠠ ᠠᠴᠠ ᠡᠶ᠎ᠡ ᠵᠣᠬᠢᠴᠠᠩᠭᠤᠢ | ᠲᠣᠭᠲᠠᠭᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠣᠷᠴᠢᠨ ᠲᠣᠭᠤᠷᠢᠨ ᠢ ᠪᠠᠶᠢᠭᠤᠯᠬᠤ ᠬᠡᠷᠡᠭᠲᠡᠢ ᠭᠡᠵᠦ | ᠵᠢᠭᠠᠨ ᠭᠠᠷᠭᠠᠪᠠ ᠃ | ᠬᠤᠷᠠᠯ ᠠᠴᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠰᠠᠶᠢᠲᠤᠷ ᠠᠳᠬᠤᠵᠤ᠂ ᠨᠢᠭᠡᠳᠦᠯᠲᠡᠢ | ᠲᠥᠯᠥᠪᠵᠢᠭᠦᠯᠦᠨ ᠠᠬᠢᠭᠤᠯᠬᠤ ᠶᠢ ᠴᠢᠩᠭᠠᠳᠬᠠᠬᠤ ᠬᠡᠷᠡᠭᠲᠡᠢ᠃ ᠳᠤᠮᠳᠠᠳᠤ ᠪᠠᠭ᠎ᠠ ᠰᠤᠷᠭᠠᠭᠤᠯᠢ ᠶᠢᠨ ᠨᠠᠮ ᠤᠨ | ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠦᠢᠯᠡᠳᠦᠯ ᠢ ᠪᠠᠳᠠᠷᠠᠭᠤᠯᠬᠤ ᠪᠠᠶᠢᠭᠤᠯᠤᠮᠵᠢ ᠲᠣᠭᠲᠠᠴᠠ ᠶᠢ | ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠪᠣᠯᠤᠨ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠳᠤᠮᠳᠠᠳᠤ ᠪᠠᠭ᠎ᠠ ᠰᠤᠷᠭᠠᠭᠤᠯᠢ ᠳᠤ ᠦᠨᠡᠨ ᠬᠦ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ᠬᠠᠩᠭᠠᠬᠤ ᠶᠢ ᠪᠠᠲᠤᠯᠠᠬᠤ ᠬᠡᠷᠡᠭᠲᠡᠢ᠃ ᠤᠳᠤᠷᠢᠳᠬᠤ ᠪᠠᠭ ᠢᠶᠠᠨ ᠰᠠᠶᠢᠲᠤᠷ ᠠᠳᠬᠤᠵᠤ᠂ ᠡᠩᠨᠡᠭᠡ ᠪᠠᠨ ᠰᠠᠶᠢᠲᠤᠷ | ᠳᠠᠭᠠᠭᠤᠯᠵᠤ᠂ ᠲᠦᠷᠦᠭᠦᠴᠢ ᠭᠠᠯᠠᠭᠤ ᠶᠢᠨ ᠦᠢᠯᠡᠳᠦᠯ ᠢ ᠪᠠᠳᠠᠷᠠᠭᠤᠯᠵᠤ᠂ ᠲᠦᠷᠦᠭᠦᠯᠡᠨ ᠬᠦᠴᠢᠷ ᠪᠡᠷᠬᠡᠰᠢᠶᠡᠯ ᠢ | ᠡᠭᠦᠷᠭᠡᠯᠡᠵᠦ᠂ ᠬᠦᠨᠳᠦ ᠡᠭᠦᠷᠭᠡ ᠶᠢ ᠡᠭᠦᠷᠭᠡᠯᠡᠵᠦ᠂ ᠡᠯ᠎ᠡ ᠵᠦᠢᠯ ᠤᠨ ᠠᠵᠢᠯ ᠢ ᠥᠨᠳᠥᠷ ᠪᠦᠲᠦᠮᠵᠢᠲᠡᠢ ᠠᠬᠢᠭᠤᠯᠬᠤ | ᠬᠡᠷᠡᠭᠲᠡᠢ᠃ ᠵᠢᠯ ᠤᠨ ᠡᠴᠦᠰ ᠤᠨ ᠳ᠋ᠦᠩᠨᠡᠯᠲᠡ ᠪᠠ ᠠᠵᠢᠯ ᠤᠨ ᠲᠥᠯᠦᠪᠵᠢᠭᠦᠯᠭᠡ ᠶᠢ ᠰᠠᠶᠢᠲᠤᠷ ᠠᠳᠬᠤᠵᠤ᠂ | ᠳᠠᠩᠰᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢᠨ ᠬᠠᠷᠠᠯᠲᠠ ᠶᠢ | ᠰᠤᠯᠠᠷᠠᠭᠤᠯᠤᠯ ᠦᠭᠡᠢ ᠴᠢᠩᠭ᠎ᠠ ᠠᠩᠬᠠᠷᠴᠤ᠂ ᠰᠠᠭᠤᠷᠢ ᠴᠢᠨᠠᠷᠲᠠᠢ᠂ ᠤᠷᠢᠳᠠᠴᠢ ᠴᠢᠨᠠᠷᠲᠠᠢ ᠠᠵᠢᠯ ᠤᠨ ᠪᠡᠯᠡᠳᠬᠡᠯ ᠢ | ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠰᠠᠶᠢᠲᠤᠷ ᠪᠡᠶᠡᠯᠡᠭᠦᠯᠵᠦ᠂ ᠰᠠᠶᠢᠨ ᠡᠬᠢᠯᠡᠯᠲᠡ ᠲᠠᠢ ᠪᠣᠯᠬᠤ ᠶᠢ | ᠪᠠᠲᠤᠯᠠᠬᠤ ᠬᠡᠷᠡᠭᠲᠡᠢ ᠭᠡᠵᠦ ᠴᠢᠩᠭᠠᠳᠬᠠᠪᠠ᠃ | ᠬᠤᠷᠠᠯ ᠳᠡᠭᠡᠷ᠎ᠡ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠠᠮ ᠤᠨ ᠪᠠᠶᠢᠭᠤᠯᠤᠯᠲᠠ ᠶᠢᠨ | ᠠᠵᠢᠯ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ᠂ ᠰᠤᠷᠭᠠᠨ ᠬᠥᠮᠦᠵᠢᠯ ᠵᠢᠭᠠᠨ ᠰᠤᠷᠭᠠᠯᠲᠠ᠂ ᠪᠠᠭᠰᠢ ᠶᠢᠨ | ᠡᠩᠨᠡᠭᠡᠨ ᠤ ᠪᠠᠶᠢᠭᠤᠯᠤᠯᠲᠠ᠂ ᠠᠮᠤᠷ ᠲᠦᠪᠰᠢᠨ ᠤ ᠬᠥᠮᠦᠵᠢᠯ᠂ ᠠᠷᠤ ᠲᠠᠯ᠎ᠠ ᠶᠢᠨ ᠦᠢᠯᠡᠴᠢᠯᠡᠭᠡᠨ ᠤ ᠬᠠᠮᠢᠶᠠᠷᠤᠯᠲᠠ᠂ | ᠡᠳ᠋ ᠤᠨ ᠶᠠᠪᠤᠳᠠᠯ ᠤᠨ ᠬᠠᠮᠢᠶᠠᠷᠤᠯᠲᠠ ᠵᠡᠷᠭᠡ ᠭᠤᠣᠯᠳᠠᠯᠭ᠎ᠠ ᠲᠠᠢ ᠠᠵᠢᠯ ᠢ ᠨᠠᠷᠢᠨ ᠨᠢᠭᠲᠠ ᠲᠤᠬᠢᠷᠠᠭᠤᠯᠤᠨ | ᠪᠠᠶᠢᠷᠢᠯᠠᠭᠤᠯᠵᠠᠢ᠃ | | |