12 ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ | ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ᠂ ᠬᠤᠰᠢᠭᠤᠨ ᠤ ᠰᠤᠷᠭᠠᠨ ᠬᠥᠮᠦᠵᠢᠯ ᠤᠨ | ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢᠦᠶ ᠰᠢ ᠮᠢᠨ ᠬᠤᠰᠢᠭᠤᠨ ᠤ ᠨᠠᠮ ᠤᠨ ᠬᠤᠷᠢᠶ᠎ᠠ ᠶᠢᠨ | ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠭᠤᠷᠪᠠᠳᠤᠭᠠᠷ ᠤᠳᠠᠭᠠᠨ ᠤ | ᠪᠥᠬᠦᠳᠡ ᠬᠤᠷᠠᠯ ᠢ ᠡᠷᠭᠢᠯᠡᠨ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠤᠬᠠᠭᠤᠯᠬᠤ ᠬᠡᠯᠲᠡᠰ ᠤᠨ ᠳᠠᠷᠤᠭ᠎ᠠ ᠭᠦᠸᠧ ᠢᠦᠶ ᠯᠢᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠴᠢ ᠬᠠᠩ᠂ ᠬᠤᠰᠢᠭᠤᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠠᠩ ᠾᠦᠢ ᠫᠥᠸᠧ᠂ ᠬᠤᠰᠢᠭᠤᠨ ᠤ | ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ | ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ | ᠬᠤᠷᠠᠯ ᠠᠴᠠ᠂ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ | ᠲᠣᠪᠴᠢᠶᠠᠨ ᠤ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ | ᠳᠠᠮᠵᠢᠭᠤᠯᠤᠨ ᠰᠤᠷᠤᠯᠴᠠᠵᠤ᠂ ᠠᠤᠬᠠᠨ ᠬᠤᠰᠢᠭᠤᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ | ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠳᠡᠯᠭᠡᠷᠡᠭᠦᠯᠦᠨ ᠬᠡᠷᠡᠭᠯᠡᠬᠦ ᠠᠵᠢᠯ ᠵᠢᠴᠢ ᠪᠥᠬᠦ | ᠬᠤᠰᠢᠭᠤᠨ ᠤ ᠰᠤᠷᠭᠠᠭᠤᠯᠢ ᠶᠢᠨ ᠵᠠᠬᠢᠷᠤᠯ ᠤᠨ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠴᠢᠩᠭᠠᠳᠬᠠᠬᠤ ᠠᠵᠢᠯ ᠤᠨ ᠬᠤᠯᠪᠣᠭᠳᠠᠯ ᠪᠥᠬᠦᠶ ᠤᠴᠢᠷ ᠶᠠᠪᠤᠳᠠᠯ ᠢ ᠰᠤᠳᠤᠯᠵᠤ᠂ ᠬᠤᠰᠢᠭᠤᠨ ᠤ ᠰᠤᠷᠭᠠᠨ | ᠬᠥᠮᠦᠵᠢᠯ ᠤᠨ ᠠᠵᠢᠯ ᠤᠨ ᠵᠥᠪᠯᠡᠯ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ 2023 ᠣᠨ ᠤ | ᠠᠵᠢᠯ ᠢ ᠪᠡᠶᠡᠯᠡᠭᠦᠯᠦᠭᠰᠡᠨ ᠪᠠᠶᠢᠳᠠᠯ ᠵᠢᠴᠢ 2024 ᠣᠨ ᠤ ᠠᠵᠢᠯ ᠤᠨ ᠲᠥᠯᠥᠪᠯᠡᠭᠡ ᠶᠢᠨ ᠬᠠᠷᠢᠭᠤ | ᠮᠡᠳᠡᠭᠦᠯᠦᠯᠲᠡ ᠶᠢ ᠰᠣᠨᠣᠰᠤᠭᠰᠠᠨ ᠪᠥᠭᠡᠳ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠢ | ᠳᠣᠭᠢᠷᠠᠭᠤᠯᠤᠨ ᠪᠠᠶᠢᠷᠢᠯᠠᠭᠤᠯᠪᠠ᠃ | ᠯᠢᠦᠶ ᠰᠢ ᠮᠢᠨ ᠴᠢᠬᠤᠯᠠᠴᠢᠯᠠᠭᠰᠠᠨ ᠨᠢ᠂ ᠨᠢᠭᠡ ᠳᠤ ᠂ ᠡᠯ᠎ᠡ ᠬᠤᠯᠪᠣᠭᠳᠠᠯ ᠪᠥᠬᠦᠶ ᠨᠢᠭᠡᠴᠢ ᠨᠦᠭᠦᠳ ᠰᠢ ᠶᠢᠨ | ᠫᠢᠩ ᠶᠡᠷᠦᠩᠬᠡᠶ ᠱᠦᠵᠢ ᠶᠢᠨ ᠰᠤᠷᠭᠠᠨ ᠬᠥᠮᠦᠵᠢᠯ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢᠨ ᠴᠢᠬᠤᠯᠠ | ᠶᠡᠭᠡ ᠣᠨᠣᠯ ᠤᠨ ᠥᠷᠲᠡᠭ ᠪᠠ ᠪᠣᠳᠠᠲᠤ ᠠᠴᠢ ᠬᠤᠯᠪᠣᠭᠳᠠᠯ ᠢ ᠬᠢᠨᠠᠮᠠᠭᠠᠶ ᠡᠵᠡᠮᠰᠢᠵᠦ᠂ ︽ᠳᠥᠷᠪᠡᠨ ᠤᠬᠠᠮᠰᠠᠷ︾ | ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ | ᠲᠤᠭᠤᠰᠢᠯᠠᠭᠤᠯᠵᠤ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠠᠷᠠᠳ | ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠬᠡᠷᠡᠭᠲᠡᠶ᠃ ᠬᠤᠶᠠᠷ ᠲᠤ᠂ | ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠠᠵᠢᠯ ᠢ ᠠᠬᠢᠭᠤᠯᠬᠤ ᠶᠢᠨ ᠲᠣᠭᠤᠷᠢᠨ ᠳᠤ᠂ ᠪᠦᠷᠢᠯᠳᠦᠬᠦᠨ ᠨᠢᠭᠡᠴᠢ ᠶᠢᠨ ᠲᠣᠰ ᠲᠣᠰ ᠤᠨ ᠡᠭᠦᠷᠭᠡ | ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠠᠵᠢᠯ ᠢᠶᠠᠨ ᠨᠢᠭᠲᠠ ᠬᠤᠪᠢᠶᠠᠷᠢᠯᠠᠨ ᠬᠠᠮᠵᠢᠯᠴᠠᠵᠤ᠂ ᠠᠵᠢᠯ ᠤᠨ | ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠶ᠃ ᠭᠤᠷᠪᠠ ᠳᠤ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ | ᠲᠦᠷᠦᠭᠦᠯᠡᠨ ᠶᠡᠷᠦᠩᠬᠡᠶᠢᠯᠡᠨ ᠠᠳᠬᠤᠵᠤ᠂ ᠰᠤᠷᠭᠠᠭᠤᠯᠢ ᠶᠢᠨ ᠵᠠᠬᠢᠷᠤᠯ ᠤᠨ ᠬᠥᠭᠵᠢᠯᠲᠡ ᠶᠢᠨ ᠢᠨᠵᠧᠨᠧᠷᠢᠩ ᠤᠨ | ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠮᠠᠨ ᠤ ᠬᠤᠰᠢᠭᠤᠨ ᠤ ᠰᠤᠷᠭᠠᠨ | ᠬᠥᠮᠦᠵᠢᠯ ᠤᠨ ᠪᠣᠳᠠᠲᠠᠶ ᠳᠤ ᠨᠡᠶᠢᠴᠡᠭᠰᠡᠨ ᠬᠥᠮᠦᠵᠢᠭᠦᠯᠬᠦ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ | ᠲᠡᠷᠢᠭᠦᠨ ᠤ ᠨᠡᠶᠢᠲᠡᠯᠢᠭ ᠵᠢᠱᠢᠶ᠎ᠡ ᠪᠠ ᠠᠮᠵᠢᠯᠲᠠ ᠲᠠᠢ ᠲᠤᠷᠰᠢᠯᠭ᠎ᠠ ᠶᠢ ᠢᠳᠡᠪᠬᠢᠲᠡᠶ ᠠᠭᠤᠳᠠᠯᠵᠤ᠂ ᠰᠢᠯᠢᠳᠡᠭ | ᠰᠤᠷᠭᠠᠭᠤᠯᠢ ᠶᠢᠨ ᠵᠠᠬᠢᠷᠤᠯ ᠤᠨ ᠵᠢᠱᠢᠶ᠎ᠡ ᠦᠵᠡᠭᠦᠯᠵᠦ ᠬᠥᠲᠥᠯᠦᠨ ᠳᠠᠭᠠᠭᠤᠯᠬᠤ ᠦᠢᠯᠡᠳᠦᠯ ᠢ ᠰᠠᠶᠢᠲᠤᠷ | ᠪᠠᠳᠠᠷᠠᠭᠤᠯᠵᠤ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠶᠠᠰᠤ ᠴᠢᠨᠠᠷ ᠪᠠ | ᠬᠢᠷᠢ ᠲᠦᠪᠰᠢᠨ ᠤ ᠲᠦᠷᠭᠡᠨ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ᠃ ᠲᠦᠷᠪᠡ ᠳᠤ᠂ ᠨᠠᠮ ᠤᠨ ᠰᠤᠷᠭᠠᠨ | ᠬᠥᠮᠦᠵᠢᠯ ᠤᠨ ᠠᠵᠢᠯ ᠳᠠᠬᠢ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠶᠣᠰᠣ ᠰᠤᠷᠲᠠᠬᠤᠨ ᠢ ᠪᠤᠢ | ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ | ᠴᠠᠭ ᠦᠶ᠎ᠡ ᠶᠢᠨ ᠬᠤᠶᠠᠷ ᠡᠩᠨᠡᠭᠡᠨ ᠤ ᠪᠠᠶᠢᠭᠤᠯᠤᠯᠲᠠ ᠶᠢ ᠠᠬᠢᠭᠤᠯᠵᠤ᠂ ᠰᠤᠷᠭᠠᠨ ᠬᠥᠮᠦᠵᠢᠯ ᠤᠨ ᠪᠠᠶᠢᠭᠤᠯᠤᠮᠵᠢ | ᠲᠣᠭᠲᠠᠴᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠭᠠᠭᠤᠯᠢ ᠡᠷᠬᠢᠯᠡᠬᠦ ᠬᠢᠷᠢ ᠲᠦᠪᠰᠢᠨ | ᠪᠣᠯᠤᠨ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠵᠦ᠂ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ | ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠳᠤᠮᠳᠠᠬᠢ ᠵᠥᠷᠢᠴᠡᠯ ᠠᠰᠠᠭᠤᠳᠠᠯ ᠢ ᠦᠨᠡᠨᠬᠦ | ᠰᠢᠢᠳᠪᠦᠷᠢᠯᠡᠵᠦ᠂ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠰᠢᠨ᠎ᠡ ᠳᠡᠭᠲᠡᠷ ᠲᠤ ᠭᠠᠷᠴᠤ᠂ | ᠰᠢᠨ᠎ᠡ ᠰᠢᠪᠲᠤᠯᠤᠯᠲᠠ ᠲᠠᠢ ᠪᠣᠯᠬᠤ ᠶᠢ ᠬᠦᠴᠦᠯᠡᠨ ᠠᠬᠢᠭᠤᠯᠬᠤ ᠬᠡᠷᠡᠭᠲᠡᠢ ᠭᠡᠪᠡ᠃ | | |