ᠬᠤᠰᠢᠭᠤᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ 2023 ᠣᠨ ᠤ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/5
      12 ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ᠂ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢᠦᠶ ᠰᠢ ᠮᠢᠨ ᠬᠤᠰᠢᠭᠤᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠭᠤᠷᠪᠠᠳᠤᠭᠠᠷ ᠤᠳᠠᠭᠠᠨ ᠤ ᠪᠥᠬᠦᠳᠡ ᠬᠤᠷᠠᠯ ᠢ ᠡᠷᠭᠢᠯᠡᠨ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠭᠦᠸᠧ ᠢᠦᠶ ᠯᠢᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠴᠢ ᠬᠠᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠠᠩ ᠾᠦᠢ  ᠫᠥᠸᠧ᠂ ᠬᠤᠰᠢᠭᠤᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃     ᠬᠤᠷᠠᠯ ᠠᠴᠠ᠂ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠵᠤ᠂ ᠠᠤᠬᠠᠨ ᠬᠤᠰᠢᠭᠤᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠳᠡᠯᠭᠡᠷᠡᠭᠦᠯᠦᠨ ᠬᠡᠷᠡᠭᠯᠡᠬᠦ ᠠᠵᠢᠯ ᠵᠢᠴᠢ ᠪᠥᠬᠦ ᠬᠤᠰᠢᠭᠤᠨ ᠤ ᠰᠤᠷᠭᠠᠭᠤᠯᠢ ᠶᠢᠨ ᠵᠠᠬᠢᠷᠤᠯ ᠤᠨ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠠᠵᠢᠯ ᠤᠨ ᠬᠤᠯᠪᠣᠭᠳᠠᠯ ᠪᠥᠬᠦᠶ ᠤᠴᠢᠷ ᠶᠠᠪᠤᠳᠠᠯ ᠢ ᠰᠤᠳᠤᠯᠵᠤ᠂ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠤᠨ ᠵᠥᠪᠯᠡᠯ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ 2023 ᠣᠨ ᠤ ᠠᠵᠢᠯ ᠢ ᠪᠡᠶᠡᠯᠡᠭᠦᠯᠦᠭᠰᠡᠨ ᠪᠠᠶᠢᠳᠠᠯ ᠵᠢᠴᠢ 2024 ᠣᠨ ᠤ ᠠᠵᠢᠯ ᠤᠨ ᠲᠥᠯᠥᠪᠯᠡᠭᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃     ᠯᠢᠦᠶ ᠰᠢ ᠮᠢᠨ ᠴᠢᠬᠤᠯᠠᠴᠢᠯᠠᠭᠰᠠᠨ ᠨᠢ᠂ ᠨᠢᠭᠡ ᠳᠤ ᠂ ᠡᠯ᠎ᠡ ᠬᠤᠯᠪᠣᠭᠳᠠᠯ ᠪᠥᠬᠦᠶ ᠨᠢᠭᠡᠴᠢ ᠨᠦᠭᠦᠳ  ᠰᠢ ᠶᠢᠨ ᠫᠢᠩ ᠶᠡᠷᠦᠩᠬᠡᠶ ᠱᠦᠵᠢ ᠶᠢᠨ ᠰᠤᠷᠭᠠᠨ ᠬᠥᠮᠦᠵᠢᠯ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢᠨ ᠴᠢᠬᠤᠯᠠ ᠶᠡᠭᠡ ᠣᠨᠣᠯ ᠤᠨ ᠥᠷᠲᠡᠭ ᠪᠠ ᠪᠣᠳᠠᠲᠤ ᠠᠴᠢ ᠬᠤᠯᠪᠣᠭᠳᠠᠯ ᠢ ᠬᠢᠨᠠᠮᠠᠭᠠᠶ ᠡᠵᠡᠮᠰᠢᠵᠦ᠂ ︽ᠳᠥᠷᠪᠡᠨ ᠤᠬᠠᠮᠰᠠᠷ︾  ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠬᠡᠷᠡᠭᠲᠡᠶ᠃ ᠬᠤᠶᠠᠷ ᠲᠤ᠂ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠠᠬᠢᠭᠤᠯᠬᠤ ᠶᠢᠨ ᠲᠣᠭᠤᠷᠢᠨ ᠳᠤ᠂ ᠪᠦᠷᠢᠯᠳᠦᠬᠦᠨ ᠨᠢᠭᠡᠴᠢ ᠶᠢᠨ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠠᠵᠢᠯ ᠢᠶᠠᠨ ᠨᠢᠭᠲᠠ ᠬᠤᠪᠢᠶᠠᠷᠢᠯᠠᠨ ᠬᠠᠮᠵᠢᠯᠴᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠶ᠃ ᠭᠤᠷᠪᠠ ᠳᠤ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠦᠷᠦᠭᠦᠯᠡᠨ ᠶᠡᠷᠦᠩᠬᠡᠶᠢᠯᠡᠨ ᠠᠳᠬᠤᠵᠤ᠂ ᠰᠤᠷᠭᠠᠭᠤᠯᠢ ᠶᠢᠨ ᠵᠠᠬᠢᠷᠤᠯ ᠤᠨ ᠬᠥᠭᠵᠢᠯᠲᠡ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠪᠣᠳᠠᠲᠠᠶ ᠳᠤ ᠨᠡᠶᠢᠴᠡᠭᠰᠡᠨ ᠬᠥᠮᠦᠵᠢᠭᠦᠯᠬᠦ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠪᠠ ᠠᠮᠵᠢᠯᠲᠠ ᠲᠠᠢ ᠲᠤᠷᠰᠢᠯᠭ᠎ᠠ ᠶᠢ ᠢᠳᠡᠪᠬᠢᠲᠡᠶ ᠠᠭᠤᠳᠠᠯᠵᠤ᠂ ᠰᠢᠯᠢᠳᠡᠭ ᠰᠤᠷᠭᠠᠭᠤᠯᠢ ᠶᠢᠨ ᠵᠠᠬᠢᠷᠤᠯ ᠤᠨ ᠵᠢᠱᠢᠶ᠎ᠡ ᠦᠵᠡᠭᠦᠯᠵᠦ ᠬᠥᠲᠥᠯᠦᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠶᠠᠰᠤ ᠴᠢᠨᠠᠷ ᠪᠠ ᠬᠢᠷᠢ ᠲᠦᠪᠰᠢᠨ ᠤ ᠲᠦᠷᠭᠡᠨ ᠳᠡᠭᠡᠭᠰᠢᠯᠡᠯᠲᠡ ᠶᠢ  ᠠᠬᠢᠭᠤᠯᠬᠤ ᠬᠡᠷᠡᠭᠲᠡᠢ᠃ ᠲᠦᠷᠪᠡ ᠳᠤ᠂ ᠨᠠᠮ ᠤᠨ ᠰᠤᠷᠭᠠᠨ ᠬᠥᠮᠦᠵᠢᠯ ᠤᠨ ᠠᠵᠢᠯ ᠳᠠᠬᠢ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠬᠤᠶᠠᠷ ᠡᠩᠨᠡᠭᠡᠨ ᠤ ᠪᠠᠶᠢᠭᠤᠯᠤᠯᠲᠠ ᠶᠢ ᠠᠬᠢᠭᠤᠯᠵᠤ᠂ ᠰᠤᠷᠭᠠᠨ ᠬᠥᠮᠦᠵᠢᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠭᠠᠭᠤᠯᠢ ᠡᠷᠬᠢᠯᠡᠬᠦ ᠬᠢᠷᠢ ᠲᠦᠪᠰᠢᠨ ᠪᠣᠯᠤᠨ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠵᠦ᠂ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠳᠤᠮᠳᠠᠬᠢ ᠵᠥᠷᠢᠴᠡᠯ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠰᠢᠨ᠎ᠡ ᠳᠡᠭᠲᠡᠷ ᠲᠤ ᠭᠠᠷᠴᠤ᠂ ᠰᠢᠨ᠎ᠡ ᠰᠢᠪᠲᠤᠯᠤᠯᠲᠠ ᠲᠠᠢ ᠪᠣᠯᠬᠤ ᠶᠢ ᠬᠦᠴᠦᠯᠡᠨ ᠠᠬᠢᠭᠤᠯᠬᠤ ᠬᠡᠷᠡᠭᠲᠡᠢ  ᠭᠡᠪᠡ᠃ 
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号