ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ 2023 ᠣᠨ ᠳᠤ ︽ᠪᠦᠬᠦᠨ ᠳᠤ ᠲᠣᠬᠢᠷᠠᠬᠤ ᠺᠠᠷᠲ︾ ᠢᠶᠠᠷ ᠳᠠᠮᠵᠢᠭᠤᠯᠤᠨ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠦᠷᠢ ᠶᠢᠨ ᠪᠡᠯᠡ ᠮᠥᠩᠭᠦ ᠶᠢ 2.73 ᠳ᠋ᠦᠩᠰᠢᠭᠤᠷ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2024/1/8
    2023 ᠣᠨ ᠳᠤ᠂ ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠨᠠᠮ ᠪᠠ ᠤᠯᠤᠰ ᠤᠨ ᠡᠯ᠎ᠡ ᠵᠦᠢᠯ ᠤᠨ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠭᠤᠤᠯ ᠠᠵᠢᠯ ᠤᠨ ᠲᠣᠭᠤᠷᠢᠨ ᠳᠤ᠂ ᠠᠷᠠᠳ ᠤᠨ ᠠᠮᠢᠳᠤᠷᠠᠯ ᠳᠤ ᠦᠢᠯᠡᠴᠢᠯᠡᠬᠦ᠂ ᠣᠯᠠᠨ ᠲᠦᠮᠡᠨ ᠳᠤ ᠦᠢᠯᠡᠴᠢᠯᠡᠬᠦ ᠵᠣᠷᠢᠯᠲᠠ ᠪᠠᠷ᠂ ︽ᠪᠦᠬᠦᠨ ᠳᠤ ᠳᠣᠭᠢᠷᠠᠬᠤ ᠺᠠᠷᠲ︾ ᠢᠶᠠᠷ ᠳᠠᠮᠵᠢᠭᠤᠯᠤᠨ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠥᠷᠢ ᠪᠠᠯᠠ ᠮᠥᠩᠭᠦ ᠶᠢ 2.73 ᠳ᠋ᠦᠩᠰᠢᠭᠤᠷ ᠲᠥᠭᠦᠷᠢᠭ ᠢ ᠴᠠᠭ ᠲᠤᠬᠠᠶ ᠳᠤᠨᠢ ᠣᠯᠭᠤᠵᠤ᠂ 114.69 ᠲᠦᠮᠡᠨ ᠬᠥᠮᠦᠨ ᠳᠤ ᠠᠰᠢᠭ ᠬᠦᠷᠲᠡᠭᠡᠵᠦ᠂ ᠭᠤᠤᠯᠳᠠᠭᠤ ᠬᠤᠲᠠ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠪᠥᠷᠢ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠪᠥᠷᠢ᠂ ᠲᠠᠪᠤᠨ ᠪᠠᠲᠤᠯᠠᠭ᠎ᠠ ᠶᠢᠨ ᠳᠠᠷᠬᠠᠶ ᠠᠰᠠᠷᠠᠨ ᠲᠡᠵᠢᠭᠡᠬᠦ ᠨᠥᠬᠦᠪᠥᠷᠢ᠂ ᠭᠤᠷᠪᠠᠨ ᠠᠷᠠᠳ ᠤᠨ ᠲᠣᠭᠲᠠᠮᠠᠯ ᠬᠤᠭᠤᠴᠠᠭ᠎ᠠ ᠲᠠᠢ ᠪᠠᠷ ᠬᠡᠮᠵᠢᠶ᠎ᠡ ᠲᠣᠭᠲᠠᠭᠠᠨ ᠨᠥᠬᠦᠪᠥᠷᠢ ᠥᠭᠬᠦ᠂ ᠠᠰᠠᠷᠠᠮᠵᠢ ᠶᠢᠨ ᠨᠥᠬᠦᠪᠥᠷᠢ ᠥᠭᠬᠦ᠂ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ ᠵᠠᠷᠤᠳᠠᠯ ᠂ ᠵᠡᠮᠳᠡᠭᠴᠦᠳ ᠤᠨ ᠨᠥᠬᠦᠪᠥᠷᠢ᠂ ᠣᠷᠳᠣ ᠨᠠᠰᠤᠯᠠᠭᠰᠠᠨ ᠨᠥᠬᠦᠪᠥᠷᠢ ᠵᠡᠷᠭᠡ ᠳᠤ ᠬᠡᠷᠡᠭᠯᠡᠵᠦ᠂ ᠳᠡᠭᠡᠳᠦ ᠱᠠᠲᠤᠨ ᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号