ᠠᠤᠬᠠᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ︽ᠤᠯᠤᠰ ᠤᠨ ᠨᠡᠷᠡᠲᠦ ᠲᠡᠮᠲᠡᠭᠲᠦ︾  ᠶᠢᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠣᠩᠭᠤᠭᠳᠠᠪᠠ
ᠨᠡᠶᠢᠲᠡᠯᠡᠭᠰᠡᠨ ᠴᠠᠭ᠄
2024/1/8
       2023 ᠣᠨ ᠳᠤ᠂ ᠠᠷᠠᠳ ᠤᠨ ᠰᠦᠯᠵᠢᠶᠡᠨ ᠤ ᠡᠳ᠋ ᠤᠨ ᠵᠠᠰᠠᠭ ᠠᠵᠤ ᠠᠬᠤᠢ ᠶᠢᠨ ᠰᠤᠳᠤᠯᠭᠠᠨ ᠤ ᠬᠦᠷᠢᠶᠡᠯᠡᠩ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠤᠳᠤᠯᠭᠠᠨ ᠤ ᠲᠥᠪ︶ ︽2023 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ᠶᠢ ᠴᠤᠭᠯᠠᠭᠤᠯᠤᠨ ᠳᠡᠯᠭᠡᠨ ᠦᠵᠡᠭᠦᠯᠬᠦ ᠠᠵᠢᠯᠯᠠᠭ᠎ᠠ︾ ᠶᠢ ᠵᠢᠩᠬᠢᠨᠢ ᠪᠠᠷ ᠡᠬᠢᠯᠡᠭᠦᠯᠪᠡ᠃ ᠲᠦᠷᠦᠭᠦᠬᠡᠨ ᠨᠡᠶᠢᠲᠡᠯᠡᠭᠰᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠠ ᠳᠤ᠂ ᠠᠤᠬᠠᠨ ᠬᠤᠰᠢᠭᠤᠨ ᠤ ︽︿ᠵᠢᠷᠭᠤᠭᠠᠨ ᠨᠢᠭᠡ ᠬᠡᠯᠪᠡᠷᠢ﹀ ᠶᠢᠨ ᠵᠠᠭᠪᠤᠷ ᠨᠢ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠥᠬᠦ ᠲᠠᠯ᠎ᠠ ᠪᠠᠷ ᠲᠠᠰ ᠳᠡᠪᠰᠢᠬᠦ ᠶᠢ ᠠᠬᠢᠭᠤᠯᠬᠤ︾᠂ ︽︿ᠵᠢᠷᠭᠤᠭ᠎ᠠ ᠶᠢ ᠵᠠᠰᠠᠬᠤ ᠶᠢ ᠬᠠᠮᠲᠤ ᠪᠠᠷ ᠴᠣᠭᠴᠠᠯᠠᠬᠤ﹀ ᠵᠠᠭᠪᠤᠷ ᠤᠨ ᠰᠢᠨ᠎ᠡ ᠶᠢ ᠡᠭᠦᠳᠴᠦ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠤ ᠵᠠᠰᠠᠯᠲᠠ ᠶᠢ ᠬᠥᠲᠥᠯᠦᠨ ᠳᠠᠭᠠᠭᠤᠯᠬᠤ ᠰᠢᠨ᠎ᠡ ᠠᠷᠭ᠎ᠠ ᠵᠠᠮ ᠢ ᠪᠣᠶ ᠪᠣᠯᠭᠠᠶ᠎ᠠ︾ ᠭᠡᠬᠦ 2 ᠬᠡᠷᠡᠭ ᠤᠨ ᠵᠢᠱᠢᠶ᠎ᠡ ᠠᠮᠵᠢᠯᠲᠠ ᠲᠠᠢ ᠪᠠᠷ ᠰᠣᠩᠭᠤᠭᠳᠠᠪᠠ᠃    ︽︿ᠵᠢᠷᠭᠤᠭᠠᠨ ᠨᠢᠭᠡ ᠬᠡᠯᠪᠡᠷᠢ﹀ ᠶᠢᠨ ᠵᠠᠭᠪᠤᠷ ᠢᠶᠠᠷ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠥᠬᠦ ᠲᠠᠯ᠎ᠠ ᠪᠠᠷ ᠲᠠᠰ ᠳᠡᠪᠰᠢᠬᠦ ᠶᠢ ᠳᠥᠯᠭᠢᠨ ᠠᠬᠢᠭᠤᠯᠬᠤ︾ ᠳᠤᠮᠳᠠ᠂ ᠰᠧ ᠳ᠋ᠤᠤ ᠸᠠᠨ ᠽᠢ ᠪᠠᠯᠭᠠᠰᠤᠨ ᠤ ᠯᠢᠦ ᠳ᠋ᠤᠤ ᠸᠠᠨ ᠽᠢ ᠲᠣᠰᠬᠤᠨ ᠢᠶᠠᠷ ᠲᠤᠷᠰᠢᠯᠲᠠ ᠶᠢᠨ ᠴᠡᠭ ᠪᠣᠯᠭᠠᠨ ᠵᠢᠭᠰᠠᠭᠠᠯ ᠤᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠠᠰ ᠳᠡᠪᠰᠢᠬᠦ ᠶᠢ ᠳᠥᠯᠭᠢᠨ ᠠᠬᠢᠭᠤᠯᠵᠤ᠂ 80 ᠭᠠᠷᠤᠶ ᠲᠦᠮᠡᠨ ᠲᠥᠭᠦᠷᠢᠭ ᠤᠨ ᠪᠠᠯᠠ ᠣᠷᠣᠭᠤᠯᠵᠤ  ᠨᠢᠭᠡ ᠲᠢᠩᠬᠢᠮ ᠠᠷᠪᠠᠨ ᠥᠷᠥᠭᠡ ᠨᠢᠭᠡ ᠬᠡᠰᠡᠭ ᠭᠠᠵᠠᠷ ᠨᠢᠭᠡ ᠨᠠᠮ ᠤᠨ ᠪᠠᠶᠢᠭᠤᠯᠤᠯᠲᠠ ᠶᠢᠨ ᠣᠷᠳᠣ ᠬᠤᠩᠭᠢᠯ ᠢ ᠪᠣᠶ ᠪᠣᠯᠭᠠᠪᠠ᠃ ︽ᠨᠢᠭᠡ ᠠᠵᠢᠯ ᠤᠨ ᠪᠠᠶᠢᠷᠢ ᠶᠢᠨ ᠮᠠᠶ᠋ᠢᠭ︾ ᠤᠨ ᠠᠵᠢᠯᠲᠠᠨ᠂ ︽ᠨᠢᠭᠡ ᠲᠥᠷᠥᠯ ᠤᠨ ᠮᠠᠶ᠋ᠢᠭ︾ ᠤᠨ ᠦᠢᠯᠡᠴᠢᠯᠡᠭᠡ᠂ ︽ᠨᠢᠭᠡ ᠥᠷᠲᠡᠭᠡᠨ ᠤ ᠮᠠᠶ᠋ᠢᠭ︾ ᠢᠶᠠᠷ ᠭᠦᠢᠴᠡᠳᠭᠡᠬᠦ᠂ ︽ᠨᠢᠭᠡ ᠰᠦᠯᠵᠢᠶᠡᠨ ᠤ ᠮᠠᠶ᠋ᠢᠭ︾ ᠤᠨ ᠲᠠᠪᠴᠠᠩ᠂ ︽ᠨᠢᠭᠡ ᠢᠵᠢ ᠮᠠᠶ᠋ᠢᠭ︾ ᠤᠨ ᠲᠦᠷᠢᠮ᠂ ︽ᠨᠢᠭᠡ ᠠᠭᠤᠰᠤᠯᠴᠠᠭᠰᠠᠨ ᠮᠠᠶ᠋ᠢᠭ︾ ᠤᠨ ᠲᠣᠭᠲᠠᠴᠠ ᠶᠢᠨ ︽ᠵᠢᠷᠭᠤᠭᠠᠨ ᠨᠢᠭᠡ ᠬᠡᠯᠪᠡᠷᠢ︾ ᠶᠢᠨ ᠵᠠᠭᠪᠤᠷ ᠢ ᠬᠡᠷᠡᠭᠵᠢᠭᠦᠯᠬᠦ ᠪᠠᠷ ᠳᠠᠮᠵᠢᠭᠤᠯᠤᠨ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠥᠬᠦ ᠲᠠᠯ᠎ᠠ ᠪᠠᠷ ᠲᠠᠰ ᠳᠡᠪᠰᠢᠬᠦ ᠶᠢ  ᠠᠬᠢᠭᠤᠯᠪᠠ᠃ ᠤᠯᠠᠨ ᠲᠦᠮᠡᠨ ᠲᠠᠢ ᠬᠠᠷᠢᠯᠴᠠᠵᠤ ᠦᠢᠯᠡᠴᠢᠯᠡᠬᠦ ︽ᠡᠴᠦᠰ ᠤᠨ ᠨᠢᠭᠡ  ᠺᠢᠯᠦᠮᠧᠲᠷ︾ ᠢ ᠨᠡᠪᠲᠡᠷᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠴᠢᠳᠠᠪᠤᠷᠢ ᠶᠢ ᠳᠡᠭᠡᠭᠰᠢᠯᠡᠭᠦᠯᠬᠦ ᠪᠠ ᠰᠤᠷᠲᠠᠯ ᠤᠨ ᠬᠤᠪᠢᠷᠠᠭᠤᠯᠤᠯᠲᠠ ᠶᠢ ᠠᠬᠢᠭᠤᠯᠵᠤ᠂ ᠨᠠᠮ ᠪᠠ ᠤᠯᠠᠨ ᠲᠦᠮᠡᠨ  ᠤ ᠬᠠᠷᠢᠴᠠᠭ᠎ᠠ ᠶᠢ ᠨᠢᠭᠲᠠᠷᠠᠭᠤᠯᠪᠠ᠃    ︽︿ᠵᠢᠷᠭᠤᠭ᠎ᠠ ᠶᠢ ᠵᠠᠰᠠᠵᠤ ᠬᠠᠮᠲᠤ ᠪᠠᠷ ᠡᠭᠦᠳᠬᠦ﹀ ᠵᠠᠭᠪᠤᠷ ᠤᠨ ᠰᠢᠨ᠎ᠡ ᠶᠢ ᠡᠭᠦᠳᠴᠦ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠰᠢᠨ᠎ᠡ ᠠᠷᠭ᠎ᠠ ᠵᠠᠮ ︾ ᠳᠤ᠂ ᠶᠢᠨ ᠴᠠᠩ ᠭᠧᠤ ᠯᠢᠶᠠᠩ ᠪᠠᠯᠭᠠᠰᠤᠨ ᠤ ᠰᠢᠷᠬ᠎ᠠ ᠲᠣᠰᠬᠤᠨ ᠢᠶᠠᠷ ᠲᠤᠷᠰᠢᠯᠲᠠ ᠶᠢᠨ ᠴᠡᠭ ᠪᠣᠯᠭᠠᠵᠤ᠂ ᠬᠥᠳᠡᠭᠡ ᠲᠣᠰᠬᠤᠨ ᠤ ᠵᠠᠰᠠᠯᠲᠠ ᠶᠢᠨ ︽ᠤᠯᠤᠰ ᠲᠥᠷᠥ︾᠂ ︽ᠥᠪᠡᠷᠲᠡᠭᠡᠨ ᠵᠠᠰᠠᠬᠤ︾᠂ ︽ᠬᠠᠤᠯᠢ ᠪᠠᠷ ᠵᠠᠰᠠᠬᠤ︾᠂ ︽ᠶᠣᠰᠣ ᠰᠤᠷᠲᠠᠬᠤᠨ ᠢᠶᠠᠷ ᠵᠠᠰᠠᠬᠤ︾᠂ ︽ᠣᠶᠤᠨᠴᠢ ᠪᠠᠷ ᠵᠠᠰᠠᠬᠤ︾ ︽ᠬᠠᠮᠲᠤ ᠪᠠᠷ ᠵᠠᠰᠠᠬᠤ︾ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠰᠢᠨ᠎ᠡ ᠠᠷᠭ᠎ᠠ ᠵᠠᠮ ᠢ ᠰᠦᠪᠡᠭᠴᠢᠯᠡᠨ ᠪᠦᠷᠢᠯᠳᠦᠭᠦᠯᠵᠦ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠵᠦ᠂ ᠠᠵᠢᠯ ᠤᠨ ᠰᠤᠷᠲᠠᠯ ᠢᠶᠠᠨ ᠬᠤᠪᠢᠷᠠᠭᠤᠯᠤᠨ᠂ ᠠᠷᠠᠳᠴᠢᠯᠠᠯ ᠤᠨ ᠤᠬᠠᠮᠰᠠᠷ ᠢᠶᠠᠨ ᠴᠢᠩᠭᠠᠳᠬᠠᠵᠤ᠂ ᠬᠥᠳᠡᠭᠡ ᠲᠣᠰᠬᠤᠨ ᠤ ᠵᠠᠰᠠᠯᠲᠠ ᠳᠤ ᠰᠠᠭᠤᠷᠢ ᠶᠢ ᠪᠠᠬᠢᠵᠢᠭᠦᠯᠵᠦ᠂ ᠪᠠᠲᠤᠯᠠᠭ᠎ᠠ ᠶᠢ ᠪᠠᠬᠢᠵᠢᠭᠦᠯᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号