ᠠᠤᠬᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/11
     10 ᠰᠠᠷ᠎ᠠ ᠶᠢᠨ 9 ᠤ ᠡᠳᠦᠷ᠂ ᠠᠤᠬᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ᠂ ᠬᠤᠰᠢᠭᠤᠨ ᠤ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ ᠡᠷᠬᠢᠯᠡᠭᠴᠢ ᠸᠠᠩ ᠶᠦᠩ ᠵᠢᠶᠦ᠋ᠨ ᠬᠤᠷᠠᠯ ᠡᠷᠭᠢᠯᠡᠵᠦ᠂ ᠬᠤᠰᠢᠭᠤᠨ ᠤ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ ᠭᠡᠰᠢᠭᠦᠳ ᠬᠤᠷᠠᠯ ᠳᠤ ᠣᠷᠣᠯᠴᠠᠵᠤ᠂ ᠡᠯ᠎ᠡ ᠵᠣᠬᠢᠴᠠᠭᠤᠯᠬᠤ ᠳᠤᠭᠤᠶᠢᠯᠠᠩ ᠤᠨ ᠳᠠᠷᠤᠭ᠎ᠠ᠂ ᠳᠡᠳ᠋ ᠳᠠᠷᠤᠭ᠎ᠠ᠂ ᠬᠤᠯᠪᠣᠭᠠᠴᠢᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠵᠥᠪᠯᠡᠯ ᠤᠨ ᠳᠥᠷᠪᠡᠳᠦᠭᠡᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠪᠠ ᠤᠯᠠᠭᠠᠨᠬᠠᠳᠠ ᠬᠤᠲᠠ ᠶᠢᠨ ᠨᠠᠢᠮᠠᠳᠤᠭᠠᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠬᠤᠲᠠ ᠪᠠᠨ ᠵᠠᠰᠠᠬᠤ ᠵᠥᠪᠯᠡᠯ ᠤᠨ ᠭᠤᠷᠪᠠᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠵᠤ᠂ 2023 ᠣᠨ ᠤ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠠᠵᠢᠯ ᠤᠨ ᠪᠠᠶᠢᠳᠠᠯ ᠪᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠡᠰᠡᠭ ᠨᠢᠭᠡᠴᠡ ᠶᠢᠨ ᠭᠤᠤᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠪᠢᠴᠢᠭ ᠢᠶᠠᠷ ᠰᠣᠨᠣᠰᠴᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠤᠬᠠᠨ ᠬᠤᠰᠢᠭᠤᠨ ᠤ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ 2024 ᠣᠨ ᠤ ᠠᠵᠢᠯ ᠤᠨ ᠭᠤᠣᠯᠳᠠᠯᠭ᠎ᠠ︾᠂  ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠤᠬᠠᠨ ᠬᠤᠰᠢᠭᠤᠨ ᠤ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ ᠠᠵᠢᠯ ᠤᠨ ᠲᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠤᠬᠠᠨ ᠬᠤᠰᠢᠭᠤᠨ ᠤ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ ᠠᠯᠪᠠᠨ ᠬᠡᠷ ᠤᠨ ᠠᠵᠢᠯ ᠤᠨ ᠨᠠᠷᠢᠨ ᠲᠦᠷᠢᠮ︾ ᠢ ᠬᠢᠨᠠᠨ ᠵᠥᠪᠯᠡᠪᠡ᠃    ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ ᠡᠷᠬᠢᠯᠡᠭᠴᠢ ᠸᠠᠩ ᠶᠦᠩ ᠵᠢᠶᠦ᠋ᠨ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠄    ᠨᠢᠭᠡ ᠳᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ ᠯᠠᠪᠳᠠᠭᠤᠨ ᠪᠠᠲᠤᠲᠠᠢ ᠬᠡᠷᠡᠭᠵᠢᠭᠦᠯᠬᠦ ᠬᠡᠷᠡᠭᠲᠡᠢ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯᠤᠨ ᠡᠯ᠎ᠡ ᠵᠦᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠬᠤ ᠶᠢᠨ ᠴᠢᠬᠤᠯᠠ ᠠᠭᠤᠯᠭ᠎ᠠ ᠪᠣᠯᠭᠠᠵᠤ ᠂ ᠬᠠᠤᠯᠢᠵᠢᠯ ᠤᠨ ᠤᠬᠠᠮᠰᠠᠷ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠬᠠᠤᠯᠢ ᠶᠢ ᠵᠢᠷᠤᠮᠯᠠᠬᠤ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠤᠬᠠᠮᠰᠠᠷ ᠢ ᠪᠤᠢ ᠪᠣᠯᠭᠠᠵᠤ᠂ ᠥᠷᠭᠡᠨ ᠤᠯᠠᠨ ᠲᠦᠮᠡᠨ ᠤ ᠺᠠᠳ᠋ᠷᠴᠤᠳ ᠲᠤ ᠰᠠᠶᠢᠨ ᠬᠡᠪ ᠳᠠᠭᠤᠷᠢᠶᠠᠯ ᠪᠣᠯᠬᠤ ᠬᠡᠷᠡᠭᠲᠡᠢ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠤᠨ ᠠᠴᠢᠶᠠᠯᠠᠪᠤᠷᠢ ᠶᠢᠨ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠪᠦᠬᠦ ᠨᠡᠶᠢᠭᠡᠮ ᠢᠶᠠᠷ ᠢᠶᠠᠨ ᠬᠠᠤᠯᠢ ᠪᠠᠷ ᠵᠠᠰᠠᠬᠤ ᠶᠢ ᠵᠢᠷᠤᠮᠯᠠᠬᠤ᠂ ᠬᠠᠤᠯᠢ ᠪᠠᠷ ᠵᠠᠰᠠᠬᠤ ᠶᠢ ᠢᠲᠡᠭᠡᠬᠦ᠂ ᠬᠠᠤᠯᠢ ᠪᠠᠷ ᠵᠠᠰᠠᠬᠤ ᠶᠢ ᠦᠢᠯᠡᠳᠦᠯᠭᠡᠵᠢᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢ ᠲᠦᠯᠬᠢᠨ  ᠠᠬᠢᠭᠤᠯᠬᠤ ᠬᠡᠷᠡᠭᠲᠡᠢ᠃    ᠬᠤᠶᠠᠷ ᠲᠤ ᠂ ᠬᠠᠤᠯᠢ ᠪᠠᠷ ᠵᠠᠰᠠᠬᠤ ᠦᠢᠯᠡᠳᠦᠯᠭᠡ ᠶᠢ ᠭᠦᠨᠵᠡᠭᠡᠢ ᠥᠷᠭᠡᠳᠬᠡᠬᠦ ᠬᠡᠷᠡᠭᠲᠡᠢ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ  ᠶᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠥᠭᠵᠢᠯᠲᠡ ᠶᠢ ᠠᠬᠢᠭᠤᠯᠬᠤ ᠪᠦᠬᠦ ᠶᠠᠪᠤᠴᠠ ᠳᠤ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠤᠯᠠᠨ ᠲᠦᠮᠡᠨ ᠳᠤ ᠦᠢᠯᠡᠴᠢᠯᠡᠬᠦ ᠡᠯ᠎ᠡ ᠬᠦᠷᠢᠶᠡᠨ ᠳᠤ ᠨᠠᠶᠢᠳᠠᠪᠤᠷᠢᠵᠢᠭᠤᠯᠵᠤ᠂ ᠵᠥᠷᠢᠴᠡᠯ ᠢ ᠨᠠᠮᠳᠠᠭᠤᠯᠬᠤ᠂ ᠠᠶᠤᠯ ᠲᠦᠭᠰᠢᠭᠦᠷᠢ ᠶᠢ ᠠᠷᠭᠠᠴᠠᠬᠤ ᠡᠯ᠎ᠡ ᠲᠠᠯ᠎ᠠ ᠳᠤ ᠨᠠᠶᠢᠳᠠᠪᠤᠷᠢᠵᠢᠭᠤᠯᠬᠤ ᠬᠡᠷᠡᠭᠲᠡᠢ᠃ ᠥᠭᠡᠷᠡᠴᠢᠯᠡᠯᠲᠡ ᠬᠥᠭᠵᠢᠯᠲᠡ ᠶᠢᠨ ᠳᠤᠮᠳᠠᠬᠢ ᠲᠣᠪᠤᠶᠢᠮ᠎ᠠ ᠵᠥᠷᠢᠴᠡᠯ ᠪᠠ ᠠᠷᠠᠳ ᠣᠯᠠᠨ ᠤ ᠲᠤᠰᠬᠠᠯ ᠴᠢᠩᠭ᠎ᠠ ᠪᠠᠶᠢᠭ᠎ᠠ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠥᠭᠡᠷᠡᠴᠢᠯᠡᠯᠲᠡ ᠶᠢ ᠰᠠᠶᠢᠲᠤᠷ ᠠᠳᠬᠤᠵᠤ᠂ ᠬᠥᠭᠵᠢᠯᠲᠡ ᠶᠢ ᠠᠬᠢᠭᠤᠯᠤᠨ᠂ ᠠᠮᠤᠷ ᠲᠦᠪᠰᠢᠨ ᠢ ᠪᠠᠲᠤᠯᠠᠵᠤ᠂ ᠲᠣᠭᠲᠠᠭᠤᠨ ᠢ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ  ᠥᠭᠬᠦ ᠬᠡᠷᠡᠭᠲᠡᠢ᠃    ᠭᠤᠷᠪᠠ ᠳᠤ ᠂ ᠬᠠᠤᠯᠢ ᠪᠠᠷ ᠬᠤᠰᠢᠭᠤ ᠪᠠᠨ ᠵᠠᠰᠠᠬᠤ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ᠃ ᠡᠯ᠎ᠡ ᠱᠠᠲᠤᠨ ᠤ ᠨᠠᠮ ᠤᠨ ᠬᠤᠷᠢᠶ᠎ᠠ ᠬᠠᠤᠯᠢᠵᠢᠯ ᠤᠨ ᠪᠠᠶᠢᠭᠤᠯᠤᠯᠲᠠ ᠶᠢ ᠲᠤᠪᠤᠶᠢᠮ᠎ᠠ ᠪᠠᠶᠢᠷᠢᠨ ᠳᠤ ᠲᠠᠯᠪᠢᠵᠤ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠵᠤ᠂ ᠬᠠᠤᠯᠢᠵᠢᠯ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠠᠬᠢᠭᠤᠯᠬᠤ ᠬᠡᠷᠡᠭᠲᠡᠢ᠃ ᠡᠯ᠎ᠡ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ ᠬᠠᠤᠯᠢᠵᠢᠯ ᠤᠨ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠬᠠᠤᠯᠢᠵᠢᠯ ᠤᠨ ᠣᠶᠢᠯᠠᠭᠠᠭᠳᠠᠬᠤᠨ᠂ ᠬᠠᠤᠯᠢᠵᠢᠯ ᠤᠨ ᠪᠠᠶᠢᠭᠤᠯᠤᠯ᠂ ᠬᠠᠤᠯᠢᠵᠢᠯ ᠤᠨ ᠵᠢᠷᠤᠮ ᠢᠶᠠᠷ ᠠᠵᠢᠯ ᠢᠶᠠᠨ ᠥᠷᠨᠢᠭᠦᠯᠵᠦ᠂ ᠨᠠᠮ ᠤᠨ ᠡᠯ᠎ᠡ ᠵᠦᠢᠯ ᠤᠨ ᠵᠣᠷᠢᠯᠲᠠ ᠶᠢ ᠬᠠᠤᠯᠢᠵᠢᠯ ᠤᠨ ᠠᠤᠬᠠᠨ ᠤ ᠪᠦᠬᠦ ᠦᠢᠯᠡᠳᠦᠯᠭᠡ ᠳᠤ ᠲᠤᠭᠤᠰᠢᠯᠠᠭᠤᠯᠬᠤ ᠶᠢ ᠪᠠᠲᠤᠯᠠᠬᠤ ᠬᠡᠷᠡᠭᠲᠡᠢ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号