| 2024 ᠣᠨ ᠤ 10 ᠰᠠᠷ᠎ᠠ ᠶᠢᠨ 8 ᠤ ᠡᠳᠦᠷ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ᠨᠠᠷᠢᠨ ᠬᠢᠨᠠᠮᠠᠭᠠᠶ ᠪᠡᠯᠡᠳᠬᠡᠯ ᠢᠶᠠᠷ ᠳᠡᠮᠵᠢᠨ᠂ ᠤᠯᠠᠭᠠᠨᠬᠠᠳᠠ ᠶᠢᠨ ᠵᠢᠢ ᠯᠦᠩ ᠠᠭᠤᠷᠬᠠᠢ ᠶᠢᠨ | ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠵᠤᠸᠠᠨ ᠱᠠᠨ ᠽᠢ ᠠᠯᠲᠠᠨ ᠤ ᠠᠭᠤᠷᠬᠠᠶ ᠶᠢ ᠰᠢᠨ᠎ᠡ ᠪᠠᠷ | 6 ᠲᠦᠮᠡᠨ ᠲᠣᠨ | ︵ᠵᠢᠯ ︶ ᠭᠠᠵᠠᠷ ᠳᠣᠤᠷᠠᠬᠢ ᠨᠡᠭᠡᠭᠡᠨ ᠮᠠᠯᠲᠠᠬᠤ ᠪᠠ ᠥᠷᠭᠡᠳᠬᠡᠨ ᠪᠠᠶᠢᠭᠤᠯᠬᠤ ᠲᠥᠷᠥᠯ | ᠵᠦᠢᠯ ᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠵᠣᠬᠢᠶᠠᠨ | ᠪᠠᠶᠢᠭᠤᠯᠤᠭᠰᠠᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠰᠢᠯᠭᠠᠷᠠᠭᠤᠯᠤᠯᠲᠠ ᠶᠢ ᠤᠷᠤᠭᠰᠢᠲᠠᠶ ᠥᠩᠭᠡᠷᠡᠭᠦᠯᠪᠡ᠃ | ᠲᠥᠷᠥᠯ ᠵᠦᠢᠯ ᠢ ᠥᠷᠭᠡᠳᠬᠡᠨ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠵᠤᠸᠠᠨ ᠱᠠᠨ ᠽᠢ ᠠᠯᠲᠠᠨ ᠤ | ᠠᠭᠤᠷᠬᠠᠢ ᠶᠢᠨ ᠭᠠᠵᠠᠷ ᠳᠣᠣᠷᠠᠬᠢ ᠨᠡᠭᠡᠭᠡᠨ ᠮᠠᠯᠲᠠᠬᠤ ᠴᠢᠳᠠᠪᠤᠷᠢ ᠨᠢ ᠵᠢᠯ ᠳᠤ 18 ᠲᠦᠮᠡᠨ ᠲᠣᠨ ᠳᠤ ᠬᠦᠷᠦᠨ᠎ᠡ᠃ | | ᠲᠣᠰ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠭᠠᠵᠠᠷ ᠨᠢ ᠠᠤᠬᠠᠨ ᠬᠤᠰᠢᠭᠤᠨ ᠤ ᠰᠧ ᠳ᠋ᠤᠤ | ᠸᠠᠨ ᠽᠢ ᠪᠠᠯᠭᠠᠰᠤᠨ ᠳᠤ ᠪᠠᠶᠢᠷᠢᠯᠠᠵᠤ᠂ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ ᠪᠥᠲᠥᠭᠡᠨ | ᠪᠠᠶᠢᠭᠤᠯᠤᠯᠲᠠ ᠶᠢᠨ ᠪᠠᠯᠠ ᠣᠷᠣᠭᠤᠯᠤᠯᠲᠠ 66869.00 ᠲᠦᠮᠡᠨ ᠲᠥᠭᠦᠷᠢᠭ ᠲᠤ ᠬᠦᠷᠴᠦ᠂ ᠠᠭᠤᠷᠬᠠᠶ ᠶᠢᠨ | ᠣᠷᠣᠨ ᠤ ᠲᠠᠯᠠᠪᠠᠶ ᠨᠢ ᠪᠠᠷᠤᠭ 8.61 ᠲᠡᠭᠰᠢ ᠳᠥᠷᠪᠡᠯᠵᠢᠨ ᠺᠢᠯᠦᠮᠧᠲᠷ ᠪᠠᠶᠢᠵᠤ᠂ ᠭᠠᠵᠠᠷ ᠳᠣᠤᠷᠠᠬᠢ ᠨᠡᠭᠡᠭᠡᠨ | ᠮᠠᠯᠲᠠᠬᠤ ᠠᠷᠭ᠎ᠠ ᠮᠠᠶ᠋ᠢᠭ ᠢ ᠬᠡᠷᠡᠭᠯᠡᠪᠡ᠃ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠨᠢ ᠤᠤᠯ ᠤᠨ ᠪᠠᠶᠢᠭᠰᠠᠨ | ᠦᠢᠯᠡᠳᠪᠦᠷᠢᠯᠡᠯ ᠤᠨ ᠰᠢᠰᠲ᠋ᠧᠮ ᠤᠨ ᠰᠠᠭᠤᠷᠢᠨ ᠳᠡᠭᠡᠷ᠎ᠡ᠂ ᠰᠢᠨ᠎ᠡ ᠪᠠᠷ ᠪᠠᠶᠢᠭᠤᠯᠤᠭᠰᠠᠨ ᠭᠤᠤᠯ ᠬᠤᠳᠳᠤᠭ᠂ | ᠲᠤᠰᠠᠯᠠᠬᠤ ᠬᠤᠳᠳᠤᠭ᠂ ᠤᠤᠯ ᠤᠨ ᠪᠠᠶᠢᠭ᠎ᠠ ᠬᠤᠳᠳᠤᠭ ᠭᠤᠳᠤᠮᠵᠢ ᠶᠢᠨ ᠪᠠᠷᠢᠯᠭ᠎ᠠ ᠶᠢ ᠥᠭᠡᠷᠡᠴᠢᠯᠡᠵᠦ᠂ ᠨᠢᠭᠡ | ᠢᠵᠢ ᠦᠢᠯᠡᠳᠪᠦᠷᠢᠯᠡᠯ ᠤᠨ ᠰᠢᠰᠲ᠋ᠧᠮ ᠪᠣᠯᠭᠠᠨ ᠨᠡᠶᠢᠯᠡᠭᠦᠯᠦᠨ᠎ᠡ᠃ ᠡᠯ᠎ᠡ ᠠᠭᠤᠷᠬᠠᠢ ᠶᠢᠨ ᠬᠡᠰᠡᠭ ᠤᠨ | ᠬᠤᠭᠤᠷᠣᠨᠳᠣᠬᠢ ᠬᠠᠷᠢᠯᠴᠠᠬᠤ ᠨᠦᠬᠡᠨ ᠵᠠᠮ ᠨᠢ ᠬᠠᠷᠢᠯᠴᠠᠨ ᠠᠶᠤᠯ ᠠᠴᠠ ᠵᠠᠶᠢᠯᠠᠬᠤ ᠪᠠᠴᠢᠮ ᠪᠠᠶᠢᠳᠠᠯ ᠢ ᠠᠷᠭᠠᠴᠠᠬᠤ | ᠭᠠᠷᠬᠤ ᠡᠭᠦᠳᠡ ᠪᠠᠶᠢᠵᠤ᠂ ᠰᠠᠯᠬᠢ ᠨᠡᠪᠲᠡᠷᠡᠭᠦᠯᠬᠦ ᠬᠤᠳᠳᠤᠭ ᠢ ᠨᠡᠮᠡᠨ ᠪᠠᠶᠢᠭᠤᠯᠵᠤ᠂ ᠨᠢᠭᠡ ᠢᠵᠢ ᠬᠤᠪᠢᠶᠠᠷᠢ | ᠲᠣᠭᠤᠷᠢᠭ ᠨᠢ ᠪᠡᠶ᠎ᠡ ᠪᠠᠨ ᠳᠠᠭᠠᠭᠠᠭᠰᠠᠨ ᠪᠤᠰᠤ ᠭᠤᠣᠯ ᠳᠡᠳ᠋ ᠬᠤᠳᠳᠤᠭ ᠢ ᠨᠡᠭᠡᠭᠡᠬᠦ ᠰᠢᠰᠲ᠋ᠧᠮ ᠢ ᠪᠣᠶ ᠪᠣᠯᠭᠠᠨ᠎ᠠ︔ | ᠠᠭᠤᠷᠬᠠᠶ ᠮᠠᠯᠲᠠᠬᠤ ᠲᠥᠬᠦᠭᠡᠷᠦᠮᠵᠢ ᠶᠢ ᠨᠡᠮᠡᠵᠦ ᠬᠤᠳᠠᠯᠳᠤᠨ ᠠᠪᠴᠤ᠂ ᠣᠷᠴᠢᠨ ᠲᠣᠭᠤᠷᠢᠨ ᠤ ᠬᠠᠮᠠᠭᠠᠯᠠᠯᠲᠠ ᠪᠠ | ᠠᠶᠤᠯᠭᠦᠶ ᠦᠢᠯᠡᠳᠪᠦᠷᠢᠯᠡᠯ ᠤᠨ ᠲᠥᠬᠦᠭᠡᠷᠦᠮᠵᠢ᠂ ᠠᠵᠤ ᠦᠢᠯᠡᠳᠪᠦᠷᠢ ᠶᠢᠨ ᠲᠠᠯᠠᠪᠤᠷ ᠢ ᠨᠡᠮᠡᠵᠦ ᠪᠠᠶᠢᠭᠤᠯᠤᠨ᠎ᠠ᠃ | ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠵᠢᠯ ᠳᠤᠮᠳᠠᠴᠢ ᠶᠢᠨ ᠠᠰᠢᠭ ᠬᠤᠨᠵᠢᠪᠣᠷᠢ ᠶᠢᠨ ᠶᠡᠷᠦᠩᠬᠡᠶ | ᠲᠤᠭ᠎ᠠ 31606.04 ᠲᠦᠮᠡᠨ ᠲᠥᠭᠦᠷᠢᠭ᠂ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ 29732.14 | ᠲᠦᠮᠡᠨ ᠲᠥᠭᠦᠷᠢᠭ᠂ ᠠᠰᠢᠭ ᠣᠷᠣᠯᠭ᠎ᠠ ᠶᠢᠨ ᠭᠠᠶᠢᠯᠢ 7433.04 ᠲᠦᠮᠡᠨ ᠲᠥᠭᠦᠷᠢᠭ᠂ ᠵᠢᠯ ᠤᠨ ᠴᠡᠪᠡᠷ | ᠠᠰᠢᠭ ᠣᠷᠣᠯᠭ᠎ᠠ 22299.10 ᠲᠦᠮᠡᠨ ᠲᠥᠭᠦᠷᠢᠭ ᠪᠣᠯᠤᠨ᠎ᠠ᠃ 868 ᠠᠵᠢᠯ ᠤᠨ ᠪᠠᠶᠢᠷᠢ ᠬᠠᠩᠭᠠᠬᠤ | ᠪᠣᠯᠤᠨ᠎ᠠ᠃ | ᠲᠥᠷᠥᠯ ᠵᠦᠢᠯ ᠤᠨ ᠬᠡᠷᠡᠭᠵᠢᠭᠦᠯᠦᠯᠲᠡ ᠨᠢ ᠠᠵᠤ ᠠᠬᠤᠶᠢᠯᠠᠯ ᠤᠨ ᠦᠢᠯᠡᠳᠪᠦᠷᠢᠯᠡᠬᠦ ᠴᠢᠳᠠᠪᠤᠷᠢ ᠪᠠ | ᠡᠨᠧᠷᠭᠢ ᠶᠢᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ | ᠥᠷᠢᠰᠥᠯᠳᠦᠬᠦ ᠴᠢᠳᠠᠪᠤᠷᠢ ᠶᠢ ᠨᠡᠮᠡᠭᠳᠡᠭᠦᠯᠦᠨ᠎ᠡ᠃ ᠠᠵᠢᠯ ᠣᠯᠭᠤᠬᠤ ᠠᠵᠢᠯ ᠤᠨ ᠪᠠᠶᠢᠷᠢ ᠶᠢ ᠨᠡᠮᠡᠭᠳᠡᠭᠦᠯᠵᠦ᠂ | ᠠᠵᠢᠯᠲᠠᠨ ᠠᠵᠢᠯᠴᠢᠨ ᠤ ᠠᠵᠤ ᠠᠬᠤᠶ ᠶᠢᠨ ᠣᠷᠣᠯᠭ᠎ᠠ ᠶᠢ ᠳᠡᠭᠡᠭᠰᠢᠯᠡᠭᠦᠯᠦᠨ᠎ᠡ᠃ ᠠᠣᠬᠠᠨ ᠬᠤᠰᠢᠭᠤᠨ ᠤ ᠡᠳ᠋ ᠤᠨ | ᠵᠠᠰᠠᠭ ᠤᠨ ᠣᠷᠤᠯᠭ᠎ᠠ ᠶᠢᠨ ᠨᠡᠮᠡᠭᠳᠡᠯ ᠪᠠ ᠠᠵᠤ ᠠᠬᠤᠶ ᠶᠢᠨ ᠬᠥᠭᠵᠢᠯ ᠴᠡᠴᠡᠭᠯᠡᠯᠲᠡ ᠳᠤ ᠢᠯᠡᠷᠬᠡᠶ ᠠᠬᠢᠬᠤᠯᠬᠤ | ᠦᠢᠯᠡᠳᠦᠯ ᠲᠠᠢ ᠶᠤᠮ᠃ |