| ᠴᠢᠨᠠᠷ ᠰᠠᠶᠢᠲᠠᠶ ᠲᠦᠷᠦᠯ ᠵᠦᠢᠯ ᠪᠠ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ | ᠢᠳᠡᠪᠬᠢᠲᠡᠶ ᠬᠠᠶᠢᠨ ᠰᠦᠪᠡᠭᠴᠢᠯᠡᠬᠦ ᠶᠢᠨ ᠲᠥᠯᠥᠭᠡ᠂ 10 ᠰᠠᠷ᠎ᠠ ᠶᠢᠨ 10 ᠤ ᠡᠳᠦᠷ᠂ ᠠᠤᠬᠠᠨ ᠬᠤᠰᠢᠭᠤᠨ ᠤ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠷᠤᠭ᠎ᠠ ᠵᠠᠩ ᠬᠤᠩ ᠹᠧᠩ ᠰᠢᠶᠠ ᠸᠠ ᠪᠠᠯᠭᠠᠰᠤᠨ ᠤ ᠥᠪᠥᠷ | ᠮᠣᠩᠭᠤᠯ ᠤᠨ ᠪᠦᠦ ᠳ᠋ᠢ ᠯᠠᠶ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ | ᠂ ᠠᠭᠠᠷ ᠤᠨ ᠠᠶᠠᠯᠠᠯ ᠤᠨ ᠰᠢᠷ᠎ᠠ ᠪᠤᠷᠴᠠᠭ ᠤᠨ ᠦᠷ᠎ᠡ ᠪᠤᠶᠢᠵᠢᠭᠤᠯᠵᠤ ᠪᠠᠶᠢᠭ᠎ᠠ ᠪᠠᠶᠢᠳᠠᠯ ᠳᠤ ᠲᠤᠬᠠᠶ ᠶᠢᠨ | ᠭᠠᠵᠠᠷ ᠤᠨ ᠪᠠᠶᠢᠴᠠᠭᠠᠨ ᠰᠤᠳᠤᠯᠤᠯᠲᠠ ᠬᠢᠪᠠ᠃ | ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠠᠨᠾᠦ᠋ᠢ ᠶᠢᠨ ᠹᠦ᠋ ᠸᠠ ᠰᠠᠨᠰᠠᠷ ᠤᠨ ᠠᠶᠠᠯᠠᠯ ᠤᠨ ᠦᠷ᠎ᠡ | ᠪᠤᠶᠢᠵᠢᠭᠤᠯᠬᠤ ᠠᠮᠢ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠰᠦᠨ ᠴᠦᠨ | ᠸᠧᠨ ᠫᠷᠤᠹᠧᠰᠰᠤᠷ ᠰᠠᠨᠰᠠᠷ ᠤᠨ ᠠᠶᠠᠯᠠᠯ ᠤᠨ ᠰᠢᠷ᠎ᠠ ᠪᠤᠷᠴᠠᠭ ᠤᠨ ᠳᠣᠲᠣᠷᠠᠬᠢ ᠰᠠᠨᠰᠠᠷ ᠤᠨ ᠠᠶᠠᠯᠠᠯ ᠤᠨ ᠶᠤᠸᠠᠢ | ᠶᠢᠨ 99 ᠪᠠ ᠲᠢᠶᠧ ᠭᠠᠨ 88 ᠲᠦᠷᠦᠯ ᠵᠦᠢᠯ ᠤᠨ ᠢᠯᠡᠷᠡᠯ᠂ ᠰᠣᠩᠭᠤᠨ ᠪᠤᠶᠢᠵᠢᠭᠤᠯᠬᠤ ᠶᠠᠪᠤᠴᠠ᠂ ᠲᠠᠷᠢᠶᠠᠨ | ᠭᠠᠵᠠᠷ ᠤᠨ ᠬᠠᠮᠢᠶᠠᠷᠤᠯᠲᠠ ᠵᠡᠷᠭᠡ ᠦᠨᠳᠦᠰᠦᠨ ᠪᠠᠶᠢᠳᠠᠯ ᠢ ᠨᠠᠷᠢᠨ ᠲᠠᠨᠢᠯᠴᠠᠭᠤᠯᠪᠠ᠃ ᠲᠣᠪᠴᠢᠶᠠᠨ ᠳᠠᠷᠤᠭ᠎ᠠ ᠵᠠᠩ | ᠬᠤᠩ ᠹᠧᠩ ᠨᠠᠷᠢᠨ ᠬᠢᠨᠠᠮᠠᠭᠠᠶ ᠰᠣᠨᠣᠰᠴᠤ᠂ ᠰᠠᠨᠰᠠᠷ ᠤᠨ ᠠᠶᠠᠯᠠᠯ ᠤᠨ ᠰᠢᠷ᠎ᠠ ᠪᠤᠷᠴᠠᠭ ᠤᠨ ᠲᠥᠷᠥᠯ ᠵᠦᠢᠯ ᠤᠨ | ᠰᠠᠭᠤᠷᠢᠨ ᠭᠠᠵᠠᠷ ᠤᠨ ᠲᠠᠷᠢᠮᠠᠯ ᠤᠨ ᠲᠠᠯᠠᠪᠠᠶ᠂ ᠥᠪᠡᠷ ᠤᠨ ᠥᠷᠲᠡᠭ ᠤᠨ ᠣᠷᠣᠭᠤᠯᠤᠯᠲᠠ᠂ ᠲᠠᠷᠢᠮᠠᠯ ᠤᠨ ᠵᠠᠭᠪᠤᠷ᠂ | ᠮᠦ ᠪᠦᠷᠢ ᠶᠢᠨ ᠤᠨᠠᠯᠲᠠ ᠶᠢᠨ ᠪᠠᠶᠢᠳᠠᠯ ᠵᠡᠷᠭᠡ ᠶᠢ ᠨᠠᠷᠢᠨ ᠣᠶᠢᠯᠠᠭᠠᠬᠤ ᠶᠢᠨ ᠬᠠᠮᠲᠤ ᠰᠠᠭᠤᠷᠢᠨ ᠭᠠᠵᠠᠷ ᠤᠨ | ᠬᠠᠷᠢᠭᠤᠴᠠᠯᠭᠠᠲᠠᠨ ᠲᠠᠢ ᠰᠠᠨᠰᠠᠷ ᠤᠨ ᠠᠶᠠᠯᠠᠯ ᠤᠨ ᠰᠢᠷ᠎ᠠ ᠪᠤᠷᠴᠠᠭ ᠤᠨ ᠰᠢᠮ᠎ᠡ ᠲᠡᠵᠢᠭᠡᠯ ᠤᠨ ᠦᠨ᠎ᠡ ᠥᠷᠲᠡᠭ᠂ | ᠵᠠᠬ᠎ᠠ ᠳᠡᠯᠭᠡᠭᠦᠷ ᠤᠨ ᠪᠠᠶᠢᠳᠠᠯ᠂ ᠣᠷᠣᠰᠢᠵᠤ ᠪᠠᠶᠢᠭ᠎ᠠ ᠬᠦᠴᠢᠷᠳᠡᠯ ᠵᠢᠴᠢ ᠬᠤᠶᠢᠰᠢᠳᠠ ᠶᠢᠨ ᠬᠥᠭᠵᠢᠯᠲᠡ ᠶᠢᠨ | ᠴᠢᠭᠯᠡᠯ ᠤᠨ ᠲᠤᠬᠠᠶ ᠭᠦᠨᠵᠡᠭᠡᠶ ᠰᠣᠯᠢᠯᠴᠠᠨ ᠶᠠᠷᠢᠯᠴᠠᠪᠠ᠃ ᠵᠠᠩ ᠬᠤᠩ ᠹᠧᠩ ᠢᠯᠡᠷᠬᠡᠶᠢᠯᠡᠬᠦ ᠳᠡᠭᠡᠨ᠂ ᠠᠤᠬᠠᠨ | ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠰᠠᠭᠤᠷᠢ ᠨᠡᠯᠢᠶᠡᠳ ᠰᠠᠶᠢᠨ᠂ ᠢᠯᠠᠩᠭᠤᠶ᠎ᠠ | ᠡᠯᠳᠡᠪ ᠠᠮᠤ ᠡᠯᠳᠡᠪ ᠪᠤᠷᠴᠠᠭ ᠤᠨ ᠦᠢᠯᠡᠳᠪᠦᠷᠢᠯᠡᠯ ᠤᠨ ᠪᠠᠶᠢᠳᠠᠯ ᠪᠥᠬᠦ ᠬᠤᠰᠢᠭᠤ ᠪᠠᠷ ᠢᠶᠠᠨ ᠡᠬᠢ ᠪᠠᠶᠠᠯᠢᠭ ᠤᠨ | ᠳᠠᠪᠠᠭᠤᠯᠢᠭ ᠲᠠᠭᠠᠨ ᠰᠠᠭᠤᠷᠢᠯᠠᠨ ᠦᠷ᠎ᠡ ᠶᠢᠨ ᠦᠢᠯᠡᠰ ᠤᠨ ᠡᠬᠢ ᠪᠠᠶᠠᠯᠢᠭ ᠢ ᠢᠳᠡᠪᠬᠢᠲᠡᠶ ᠰᠦᠪᠡᠭᠴᠢᠯᠡᠵᠦ᠂ ᠮᠠᠨ ᠤ | ᠬᠤᠰᠢᠭᠤᠨ ᠤ ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠠᠬᠢᠭᠤᠯᠬᠤ ᠬᠡᠷᠡᠭᠲᠡᠶ᠃ | ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠨᠢ ᠠᠤᠬᠠᠨ ᠬᠤᠰᠢᠭᠤᠨ ᠤ ᠰᠢᠷ᠎ᠠ ᠪᠤᠷᠴᠠᠭ ᠤᠨ ᠰᠢᠨ᠎ᠡ | ᠲᠦᠷᠦᠯ ᠵᠦᠢᠯ ᠢ ᠰᠦᠪᠡᠭᠴᠢᠯᠡᠨ ᠳᠡᠯᠭᠡᠷᠡᠭᠦᠯᠬᠦ ᠪᠣᠯᠤᠮᠵᠢ ᠲᠠᠢ ᠪᠠᠷ ᠪᠠᠷᠠᠬᠤ ᠥᠬᠡᠶ ᠪᠠᠰᠠ ᠲᠠᠷᠢᠶᠠᠯᠠᠩ ᠤᠨ ᠠᠵᠤ | ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠳᠥᠯᠭᠢᠨ ᠠᠬᠢᠭᠤᠯᠬᠤ ᠳᠤ ᠰᠢᠨ᠎ᠡ ᠠᠷᠭ᠎ᠠ | ᠵᠠᠮ ᠨᠡᠭᠡᠭᠡᠬᠦ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠤ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ ᠭᠦᠢᠴᠡᠳ ᠪᠠᠶᠢᠴᠠᠭᠠᠨ ᠰᠤᠳᠤᠯᠤᠯᠲᠠ ᠥᠷᠨᠢᠭᠦᠯᠵᠦ᠂ ᠮᠠᠨ ᠤ ᠬᠤᠰᠢᠭᠤᠨ ᠤ ᠦᠷ᠎ᠡ ᠶᠢᠨ | ᠦᠢᠯᠡᠰ ᠤᠨ ᠡᠬᠢ ᠪᠠᠶᠠᠯᠢᠭ ᠤᠨ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠰᠠᠨᠰᠠᠷ ᠤᠨ ᠠᠶᠠᠯᠠᠯ ᠤᠨ ᠰᠢᠷ᠎ᠠ | ᠪᠤᠷᠴᠠᠭ ᠢ ᠳᠡᠯᠭᠡᠷᠡᠭᠦᠯᠬᠦ ᠪᠣᠯᠤᠯᠴᠠᠭ᠎ᠠ ᠶᠢ ᠬᠠᠶᠢᠨ ᠰᠦᠪᠡᠭᠴᠢᠯᠡᠵᠦ᠂ ᠪᠥᠬᠦ ᠬᠤᠰᠢᠭᠤᠨ ᠤ ᠲᠠᠷᠢᠶᠠᠯᠠᠩ ᠤᠨ | ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠨ᠎ᠡ᠃ |