| 10 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠠᠤᠬᠠᠨ | ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 76 | ᠳ᠋ᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠪᠠ᠃ | | | | | ᠬᠤᠷᠠᠯ ᠠᠴᠠ 9 ᠰᠠᠷ᠎ᠠ ᠶᠢᠨ 26 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ | ᠫᠢᠩ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ | ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ᠂ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ᠂ | ᠳᠤᠮᠳᠠᠲᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠢ ᠶᠢ | ᠪᠡᠯᠭᠡᠯᠡᠬᠦ ᠶᠡᠭᠡ ᠬᠤᠷᠠᠯ ᠂ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ | ᠵᠢᠷᠭᠤᠳᠤᠭᠠᠷ ᠬᠤᠷᠠᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠳ᠋ᠧᠩ ᠰᠢᠶᠤᠤ ᠫᠢᠩ | ᠨᠥᠬᠦᠷ ᠤᠨ ᠮᠡᠨᠳᠦᠯᠡᠭᠰᠡᠨ 120 ᠵᠢᠯ ᠤᠨ ᠣᠶ ᠶᠢ ᠳᠤᠷᠠᠰᠬᠠᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠪᠠ ᠲᠥᠪ ᠤᠨ ᠨᠠᠮ ᠤᠨ ᠰᠤᠷᠭᠠᠭᠤᠯᠢ ᠶᠢᠨ ᠰᠢᠨᠵᠢᠶᠠᠩ ᠤᠨ ᠦᠨᠳᠦᠰᠦᠲᠡᠨ ᠤ | ᠺᠠᠳ᠋ᠷ ᠤᠨ ᠪᠣᠯᠪᠠᠰᠤᠷᠠᠯ ᠤᠨ ᠠᠩᠭᠢ ᠶᠢ ᠡᠷᠭᠢᠯᠡᠭᠰᠡᠨ 70 ᠵᠢᠯ ᠤᠨ ᠣᠶ ᠶᠢᠨ ᠲᠠᠰᠢᠷᠠᠮ ᠳᠤ ᠬᠢᠭᠰᠡᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠪᠠ | ︔ ᠪᠥᠬᠦ ᠬᠤᠰᠢᠭᠤᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠳ᠋ᠦᠩᠨᠡᠯᠲᠡ ᠶᠢᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠬᠢᠨᠠᠨ | ᠵᠥᠪᠯᠡᠵᠦ᠂ ᠲᠠᠷᠠᠭᠠᠴᠢ ᠶᠢᠨ ᠱᠠᠲᠤᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠨᠠᠮ ᠤᠨ ᠲᠥᠪ ᠬᠤᠷᠢᠶᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ | ᠮᠠᠭᠠᠳᠯᠠᠯᠲᠠ ᠶᠢ ᠭᠦᠨᠵᠡᠭᠡᠢ ᠤᠢᠢᠯᠠᠭᠠᠨ ᠣᠨᠣᠪᠴᠢᠲᠠᠢ ᠡᠵᠡᠮᠳᠡᠵᠦ᠂ ᠬᠥᠭᠵᠢᠯᠲᠡ ᠶᠢᠨ ᠢᠲᠡᠭᠡᠯ ᠢᠶᠠᠨ ᠴᠢᠨᠠᠭᠰᠢᠳᠠ | ᠪᠠᠲᠤᠳᠬᠠᠵᠤ᠂ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ | ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠬᠥᠭᠵᠢᠯᠲᠡ ᠶᠢᠨ ᠠᠵᠠ ᠲᠣᠬᠢᠶᠠᠯ ᠢ ᠢᠳᠡᠪᠬᠢᠲᠡᠢ ᠠᠮᠵᠢᠵᠤ᠂ ᠠᠶᠤᠯ | ᠲᠦᠭᠰᠢᠭᠦᠷᠢ ᠥᠷᠢᠰᠥᠯᠳᠦᠭᠡᠨ ᠢ ᠰᠠᠨᠠᠭᠠᠴᠢᠯᠠᠭ᠎ᠠ ᠠᠴᠠ ᠪᠠᠨ ᠠᠷᠭᠠᠴᠠᠭᠠᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ | ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠠᠵᠤ ᠦᠢᠯᠡᠰ ᠤᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ | ᠲᠦᠷᠭᠡᠳᠬᠡᠨ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠵᠤ᠂ | ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠰᠢᠨ᠎ᠡ ᠪᠠᠷ ᠮᠠᠨᠳᠤᠭᠰᠠᠨ ᠠᠵᠤ | ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠶᠢ ᠠᠬᠢᠭᠤᠯᠬᠤ ᠬᠡᠷᠡᠭᠲᠡᠢ᠃ ᠪᠠᠶᠢᠭᠤᠯᠤᠮᠵᠢ ᠲᠣᠭᠲᠠᠴᠠ ᠶᠢᠨ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠤᠨ ᠣᠷᠣᠨ ᠪᠦᠰᠡ ᠶᠢᠨ ᠬᠥᠭᠵᠢᠯᠲᠡ ᠶᠢᠨ | ᠪᠠᠶᠢᠯᠳᠤᠬᠤ ᠪᠤᠳᠤᠯᠭ᠎ᠠ ᠲᠠᠢ ᠵᠣᠯᠭᠠᠭᠤᠯᠬᠤ ᠶᠢ ᠴᠢᠩᠭᠠᠳᠬᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠬᠥᠳᠡᠯᠭᠡᠬᠦ ᠬᠦᠴᠦᠨ ᠨᠡᠮᠡᠷᠢᠯᠡᠵᠦ᠂ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ᠃ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠬᠢᠯᠪᠠᠷ | ᠪᠤᠰᠤ ᠪᠠᠷ ᠢᠷᠡᠭᠰᠡᠨ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨ ᠬᠦ ᠪᠠᠬᠢᠵᠢᠭᠦᠯᠬᠦ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠪᠠᠷ ᠦᠨᠳᠦᠰᠦᠨ | ᠪᠠᠲᠤᠯᠠᠭ᠎ᠠ ᠪᠣᠯᠭᠠᠵᠤ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ | ᠲᠥᠷᠥ ᠶᠢᠨ ᠵᠥᠪᠯᠡᠯᠭᠡᠨ ᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠲᠦᠷᠢᠮ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠡᠯ᠎ᠡ | ᠱᠠᠲᠤᠨ ᠤ ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠡᠭᠦᠷᠭᠡ | ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠳᠬᠡᠬᠦ ᠶᠢ ᠬᠥᠲᠥᠯᠦᠨ ᠵᠢᠯᠣᠭᠤᠳᠴᠤ᠂ ᠰᠠᠨᠠᠭᠠᠴᠢᠯᠠᠭ᠎ᠠ ᠠᠴᠠ ᠪᠠᠨ ᠰᠠᠨᠠᠯ | ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠪᠥᠬᠦ ᠬᠤᠰᠢᠭᠤᠨ ᠤ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠬᠥᠭᠵᠢᠯᠲᠡ ᠳᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠣᠶᠤᠨ ᠤᠬᠠᠭᠠᠨ ᠢᠶᠠᠨ ᠡᠷᠭᠦᠬᠦ ᠬᠡᠷᠡᠭᠲᠡᠶ | ᠭᠡᠵᠦ ᠴᠢᠬᠤᠯᠠᠴᠢᠯᠠᠪᠠ᠃ | ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ | ᠬᠤᠷᠠᠯ ᠤᠨ ᠵᠣᠷᠢᠭ ᠰᠠᠨᠠᠭ᠎ᠠ ᠪᠣᠯᠤᠨ ᠳᠡᠭᠡᠳᠦ ᠱᠠᠲᠤᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠴᠢᠨᠠᠭᠰᠢᠳᠠ | ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠶᠢ ᠪᠠᠷᠢᠮᠲᠠᠯᠠᠵᠤ᠂ ᠡᠭᠦᠷᠭᠡ ᠶᠢᠨ ᠨᠠᠷᠢᠨ ᠲᠠᠩᠰᠠ ᠲᠠᠢ ᠴᠢᠩᠭ᠎ᠠ | ᠬᠠᠷᠭᠤᠭᠤᠯᠵᠤ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠥᠨᠳᠥᠷ ᠪᠦᠲᠦᠮᠵᠢᠲᠡᠢ | ᠠᠬᠢᠭᠤᠯᠵᠤ᠂ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠡᠷᠬᠢᠮ ᠳᠡᠭᠡᠳᠦ ᠬᠤᠪᠢᠰᠬᠠᠯ ᠤᠨ ᠬᠡᠪ | ᠨᠠᠮᠪᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠠᠭᠤᠤ ᠶᠡᠭᠡ ᠤᠶᠤᠨ ᠰᠠᠨᠠᠭᠠᠨ ᠤ ᠬᠦᠴᠦᠨ ᠴᠢᠳᠠᠯ ᠢ | ᠰᠢᠩᠭᠡᠭᠡᠨ ᠠᠪᠴᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ ᠬᠡᠷᠡᠭᠲᠡᠢ᠃ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠲᠠᠷᠢᠬᠢ | ᠲᠣᠯᠣᠭᠠᠢ ᠪᠠᠨ ᠵᠡᠪᠰᠡᠭᠯᠡᠬᠦ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠵᠤ᠂ ᠦᠨᠡᠨ ᠬᠦ ᠦᠢᠯᠡᠳᠦᠯᠭᠡ ᠪᠠᠨ ᠵᠢᠯᠤᠭᠤᠳᠤᠭᠤᠯᠵᠤ᠂ ᠬᠥᠭᠵᠢᠯᠲᠡ ᠶᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠰᠢᠰᠲ᠋ᠧᠮᠲᠦ ᠴᠢᠨᠠᠷ᠂ ᠬᠠᠨᠳᠤᠯᠭᠠᠲᠤ ᠴᠢᠨᠠᠷ ᠢ | ᠴᠢᠩᠭᠠᠳᠬᠠᠵᠤ᠂ ᠥᠷᠭᠡᠨ ᠤᠯᠠᠨ ᠺᠠᠳ᠋ᠷ ᠤᠨ ᠬᠥᠭᠵᠢᠯᠲᠡ ᠶᠢ ᠠᠳᠬᠤᠬᠤ᠂ ᠠᠮᠤᠷ ᠲᠦᠪᠰᠢᠨ ᠢ ᠪᠠᠲᠤᠯᠠᠬᠤ᠂ | ᠲᠣᠭᠲᠠᠭᠤᠨ ᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠴᠢᠳᠠᠪᠤᠷᠢ ᠪᠣᠯᠤᠨ ᠴᠢᠳᠠᠪᠤᠷᠢ ᠶᠢ | ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠬᠥᠮᠦᠨ ᠰᠣᠩᠭᠤᠵᠤ ᠬᠥᠮᠦᠨ ᠬᠡᠷᠡᠭᠯᠡᠬᠦ ᠢᠯᠡ ᠲᠣᠳᠣ ᠤᠳᠤᠷᠢᠳᠤᠮᠵᠢ ᠶᠢ | ᠪᠤᠢ ᠪᠣᠯᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠵᠡᠷᠭᠡ ᠦᠨᠳᠦᠰᠦᠨ | ᠱᠠᠲᠤᠨ ᠤ ᠨᠢᠭᠡᠳᠦᠭᠡᠷ ᠹᠷᠣᠨᠲ ᠲᠤ ᠺᠠᠳ᠋ᠷ ᠢ ᠳᠡᠪᠰᠢᠭᠦᠯᠦᠨ ᠬᠡᠷᠡᠭᠯᠡᠬᠦ ᠶᠢ ᠴᠢᠬᠤᠯᠠᠴᠢᠯᠠᠬᠤ ᠬᠡᠷᠡᠭᠲᠡᠢ᠃ ᠺᠠᠳ᠋ᠷ ᠤᠨ | ᠡᠩᠨᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠭᠤᠷᠪᠠ ᠶᠢ ᠢᠯᠭᠠᠬᠤ︾ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠥᠷᠭᠡᠨ ᠤᠯᠠᠨ ᠺᠠᠳ᠋ᠷ ᠤᠨ ᠠᠵᠢᠯ ᠬᠢᠵᠦ ᠦᠢᠯᠡᠰ ᠪᠤᠰᠬᠠᠬᠤ ᠢᠳᠡᠪᠬᠢᠵᠢᠯ ᠢ ᠲᠠᠰᠤᠷᠠᠯᠳᠠ | ᠦᠭᠡᠢ ᠬᠥᠭᠵᠢᠭᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠬᠦ | ᠲᠤᠬᠠᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ | ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠶᠢ ᠴᠢᠩᠭ᠎ᠠ ᠠᠩᠬᠠᠷᠴᠤ ᠲᠤᠰᠬᠠᠢ | ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠡᠷᠡᠭ ᠢ | ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠪᠠᠶᠢᠩᠭᠤᠵᠢᠭᠰᠠᠨ ᠲᠤᠰᠬᠠᠢ ᠲᠡᠮᠡᠴᠡᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ | ᠠᠬᠢᠭᠤᠯᠬᠤ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠢᠮᠠᠭᠲᠠ ᠪᠠᠷᠢᠮᠲᠠᠯᠠᠵᠤ᠂ ᠭᠠᠵᠢᠭᠤ ᠨᠣᠮᠯᠠᠯ ᠢ | ᠡᠰᠡᠷᠭᠦᠴᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠡᠷᠭᠡᠶᠢᠯᠡᠨ ᠡᠵᠡᠮᠳᠡᠬᠦ ᠡᠷᠴᠢᠮ ᠢᠶᠠᠨ | ᠴᠢᠨᠠᠭᠰᠢᠳᠠ ᠴᠢᠩᠭᠠᠷᠠᠭᠤᠯᠵᠤ᠂ ᠭᠤᠣᠯᠳᠠᠯᠭ᠎ᠠ ᠲᠠᠢ ᠲᠠᠯᠠᠪᠤᠷ᠂ ᠭᠤᠣᠯᠳᠠᠯᠭ᠎ᠠ ᠲᠠᠢ ᠬᠥᠮᠦᠰ ᠲᠤ ᠬᠢᠨᠠᠯᠲᠠ ᠲᠠᠯᠪᠢᠵᠤ | ᠬᠠᠮᠢᠶᠠᠷᠬᠤ ᠪᠠᠨ ᠴᠢᠩᠭᠠᠳᠬᠠᠵᠤ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠤᠯᠠᠨ ᠲᠦᠮᠡᠨ ᠢ ᠬᠦᠳᠦᠯᠦᠨ | ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠢᠯᠭᠠᠨ ᠲᠠᠨᠢᠬᠤ ᠪᠠ ᠡᠰᠡᠷᠭᠦᠴᠡᠨ ᠬᠤᠷᠢᠭᠯᠠᠬᠤ ᠴᠢᠳᠠᠪᠤᠷᠢ ᠶᠢ ᠨᠢ | ᠴᠢᠩᠭᠠᠳᠬᠠᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠬᠦ ᠬᠡᠷᠡᠭᠲᠡᠢ ᠭᠡᠵᠦ | ᠵᠢᠭᠠᠵᠤ ᠭᠠᠷᠭᠠᠪᠠ᠃ | ᠬᠤᠷᠠᠯ ᠠᠴᠠ᠂ ᠰᠠᠬᠢᠯᠭ᠎ᠠ ᠪᠠᠲᠤ ᠶᠢᠨ ᠬᠥᠮᠦᠵᠢᠯ ᠢ ᠡᠳᠦᠷ ᠳᠤᠳᠤᠮ ᠤᠨ ᠠᠮᠢᠳᠤᠷᠠᠯ ᠳᠤ ᠠᠭᠤᠰᠤᠯᠴᠠᠭᠤᠯᠬᠤ᠂ | ᠪᠠᠶᠢᠩᠭᠤ ᠠᠳᠬᠤᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ | ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ | ᠳ᠋ᠦᠩᠨᠡᠨ ᠪᠣᠯᠪᠠᠰᠤᠷᠠᠭᠤᠯᠵᠤ᠂ ᠳᠡᠯᠭᠡᠷᠡᠭᠦᠯᠦᠨ ᠲᠦᠭᠡᠮᠡᠯᠵᠢᠭᠦᠯᠵᠦ ᠬᠡᠷᠡᠭᠯᠡᠬᠦ ᠶᠢ ᠴᠢᠩᠭᠠᠳᠬᠠᠵᠤ᠂ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨ ᠬᠦ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ | ᠬᠠᠮᠢᠶ᠎ᠠ ᠪᠥᠬᠦᠶ ᠤᠳᠤᠷᠢᠳᠬᠤ ᠨᠥᠬᠦᠳ᠂ ᠡᠯ᠎ᠡ ᠬᠤᠯᠪᠣᠭᠳᠠᠯ ᠪᠥᠬᠦᠶ ᠭᠠᠵᠠᠷ ᠣᠷᠣᠨ ᠪᠠ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃ |