| ︽ᠬᠤᠪᠢᠶᠠᠨ ᠲᠠᠷᠬᠠᠵᠤ︾ ᠪᠠᠶᠢᠭᠰᠠᠨ ᠠᠴᠠ ︽ ᠪᠦᠬᠦᠨ ᠳᠤ ᠳᠣᠬᠢᠷᠠᠬᠤ ᠺᠠᠷᠲ︾ ᠵᠦᠭ ᠳᠠᠪᠰᠢᠨ᠎ᠠ᠃ | ︽ᠣᠳᠣ ᠨᠥᠬᠦᠪᠦᠷᠢ ᠠᠪᠬᠤ ᠳᠤ ᠦᠨᠡᠬᠡᠷ ᠳᠥᠭᠦᠮ ᠮᠥᠷᠲᠡᠭᠡᠨ ᠰᠠᠨᠠᠭ᠎ᠠ ᠠᠮᠠᠷ ᠪᠣᠯᠵᠠᠢ︕︾ ᠬᠤᠸᠠᠩ ᠶᠠᠩ | ᠸᠠ ᠪᠠᠯᠭᠠᠰᠤᠨ ᠤ ᠠᠷᠠᠳ ᠵᠤᠤ ᠨᠠᠰᠤᠲᠠᠨ ᠰᠠᠶ᠋ᠢᠬᠠᠨ ᠣᠯᠤᠭᠰᠠᠨ ᠲᠠᠷᠢᠶᠠᠴᠢᠳ ᠲᠤ ᠠᠰᠢᠭ ᠬᠦᠷᠲᠡᠭᠡᠬᠦ | ᠨᠥᠬᠦᠪᠦᠷᠢ ᠶᠢ ᠰᠠᠨᠠᠭᠤᠯᠬᠤ ᠣᠬᠤᠷ ᠮᠡᠳᠡᠭᠡ ᠪᠠᠨ ᠪᠠᠶᠠᠷᠲᠠᠢ ᠪᠠᠷ ᠳᠡᠯᠭᠡᠨ ᠦᠵᠡᠭᠦᠯᠪᠡ᠃ ︽ᠥᠩᠭᠡᠷᠡᠭᠰᠡᠨ ᠳᠤ ᠡᠨᠡ | ᠺᠠᠷᠲ᠂ ᠲᠡᠷᠡ ᠺᠠᠷᠲ᠂ ᠴᠡᠭᠡᠵᠢᠯᠡᠭᠦ ᠳᠤ ᠮᠠᠰᠢ ᠬᠦᠴᠢᠷ᠂ ᠣᠲᠣ ᠣᠯᠠᠨ ᠢᠶᠠᠷ ᠢᠶᠠᠨ ᠲᠠᠷᠢᠶᠠᠨ ᠭᠠᠵᠠᠷ ᠤᠨ | ᠬᠦᠴᠦᠨ ᠤ ᠬᠠᠮᠠᠭᠠᠯᠠᠯᠲᠠ ᠶᠢᠨ ᠨᠥᠬᠦᠪᠥᠷᠢ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠪᠠ ᠪᠤᠰᠤᠳ ᠡᠯ᠎ᠡ | ᠵᠦᠢᠯ ᠤᠨ ᠨᠥᠬᠦᠪᠥᠷᠢ ᠭᠡᠰᠡᠨ ᠥᠬᠡᠶ᠂ ᠡᠨᠡ ᠵᠣᠭᠤᠰ ᠢ ᠪᠦᠬᠦᠨ ᠢ ᠪᠠᠩᠬᠢ ᠶᠢᠨ ᠺᠠᠷᠲ ᠲᠤ ᠴᠣᠬᠢᠨ᠎ᠠ᠂ ᠪᠠᠰᠠ | ᠣᠬᠤᠷ ᠴᠢᠮᠡᠭᠡ ᠪᠠᠷ ᠰᠠᠨᠠᠭᠤᠯᠤᠭᠰᠠᠨ ᠳᠤ᠂ ᠠᠯᠢ ᠵᠦᠢᠯ ᠤᠨ ᠨᠥᠬᠦᠪᠥᠷᠢ ᠶᠢ ᠲᠠᠩᠰᠠᠨ ᠳᠤ ᠣᠷᠤᠭᠤᠯᠵᠤ ᠬᠡᠳᠦᠶ | ᠵᠣᠭᠤᠰ ᠤᠯᠤᠭᠰᠠᠨ ᠨᠢ ᠲᠣᠳᠣᠷᠬᠠᠶ ᠶᠤᠮ︾᠃ ᠡᠯ᠎ᠡ ᠵᠦᠢᠯ ᠤᠨ ᠠᠷᠠᠳ ᠲᠤ ᠠᠰᠢᠭ ᠬᠦᠷᠲᠡᠭᠡᠬᠦ | ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠶᠢ ︽ᠪᠦᠬᠦᠨ ᠳᠤ ᠲᠣᠬᠢᠷᠠᠬᠤ ᠺᠠᠷᠲ︾ | ᠳᠡᠭᠡᠷ᠎ᠡ ᠡᠮᠬᠢᠯᠡᠨ ᠨᠡᠶᠢᠯᠡᠭᠦᠯᠵᠦ᠂ ᠪᠥᠬᠦ ᠰᠠᠯᠠᠭ᠎ᠠ ᠮᠥᠴᠢᠷ᠂ ᠪᠥᠬᠦ ᠵᠣᠭᠤᠰ᠂ ᠪᠥᠬᠦ ᠡᠲᠡᠭᠡᠳ᠂ ᠨᠥᠬᠦᠪᠥᠷᠢ ᠶᠢ | ᠴᠠᠭ ᠲᠤᠬᠠᠶ ᠳᠤᠨᠢ ᠣᠨᠣᠪᠴᠢᠲᠠᠶ ᠣᠯᠭᠤᠬᠤ ᠶᠢ ᠪᠠᠲᠤᠯᠠᠬᠤ ᠠᠴᠠ ᠭᠠᠳᠠᠨ᠎ᠠ᠂ ᠦᠷᠭᠦᠯᠵᠢᠯᠡᠨ ᠪᠠᠰᠠ ︽ᠪᠦᠬᠦᠨ ᠳᠤ | ᠲᠣᠬᠢᠷᠠᠬᠤ ᠺᠠᠷᠲ︾ ᠤᠨ ᠰᠢᠰᠲ᠋ᠧᠮ ᠤᠨ ᠠᠷᠤ ᠲᠠᠪᠴᠠᠩ ᠳᠤ ᠪᠠᠯᠠ ᠮᠥᠩᠭᠦ ᠶᠢ ᠨᠡᠬᠡᠮᠵᠢᠯᠡᠵᠦ᠂ ᠪᠠᠯᠠ ᠮᠥᠩᠭᠦ ᠶᠢ | ᠰᠠᠭᠠᠲᠠᠭᠠᠭᠰᠠᠨ ᠵᠡᠷᠭᠡ ᠠᠰᠠᠭᠤᠳᠠᠯ ᠡᠭᠦᠰᠬᠦ ᠶᠢ ᠦᠨᠳᠦᠰᠦᠨ ᠠᠴᠠ ᠨᠢ ᠠᠷᠢᠯᠭᠠᠵᠤ᠂ ᠰᠠᠯᠠᠭ᠎ᠠ ᠮᠥᠴᠢᠷ ᠢ ᠰᠠᠨᠠᠭ᠎ᠠ | ᠠᠮᠤᠷ ᠪᠠᠶᠢᠯᠭᠠᠵᠤ᠂ ᠣᠯᠠᠨ ᠲᠦᠮᠡᠨ ᠢ ᠰᠡᠳᠬᠢᠯ ᠬᠠᠨᠤᠮᠵᠢᠲᠠᠶ ᠪᠠᠶᠢᠯᠭᠠᠬᠤ ᠶᠢ ᠦᠨᠡᠨ ᠬᠦ ᠪᠡᠶᠡᠯᠡᠭᠦᠯᠪᠡ᠃ | ︽ᠰᠠᠨᠠᠭᠠᠴᠢᠯᠭ᠎ᠠ ᠠᠴᠠ ᠪᠠᠨ ᠠᠰᠠᠭᠤᠵᠤ︾ ᠪᠠᠶᠢᠭᠰᠠᠨ ᠠᠴᠠ ︽ᠰᠠᠨᠠᠭᠠᠴᠢᠯᠭ᠎ᠠ ᠠᠴᠠ ᠪᠠᠨ ᠶᠠᠷᠢᠬᠤ︾ ᠲᠡᠰᠢ | ᠤᠷᠤᠭᠰᠢᠯᠠᠨ᠎ᠠ᠃ ︽ᠲᠠᠷᠢᠶᠠᠨ ᠭᠠᠵᠠᠷ ᠤᠨ ᠬᠦᠴᠦ ᠰᠢᠮ᠎ᠡ ᠶᠢ ᠬᠠᠮᠠᠭᠠᠯᠠᠬᠤ ᠨᠥᠬᠦᠪᠥᠷᠢ 929.07 ᠲᠥᠭᠦᠷᠢᠭ᠂ | ᠴᠥᠭᠦᠷᠥᠮ ᠤᠨ ᠣᠷᠣᠨ ᠤ ᠠᠷᠠᠳ ᠢ ᠨᠡᠭᠦᠯᠭᠡᠬᠦ ᠨᠥᠬᠦᠪᠥᠷᠢ 600 ᠲᠥᠭᠦᠷᠢᠭ ᠁ ᠠᠪᠠᠭ᠎ᠠ ᠡ᠂ ᠲᠠ ᠵᠢᠯ | ᠪᠦᠷᠢ ᠵᠠᠰᠠᠭ ᠤᠨ ᠣᠷᠳᠣᠨ ᠤ ᠣᠯᠭᠤᠭᠰᠠᠨ ᠡᠯ᠎ᠡ ᠵᠦᠢᠯ ᠤᠨ ᠨᠥᠬᠦᠪᠦᠷᠢ ᠶᠢ 2000 ᠭᠠᠷᠤᠢ ᠲᠥᠭᠦᠷᠢᠭ | ᠣᠯᠭᠤᠨ᠎ᠠ︾᠃ ᠭᠡᠵᠦ ᠰᠠᠶᠢᠨ ᠳᠤᠷ᠎ᠠ ᠶᠢᠨ ᠦᠢᠯᠡᠴᠢᠯᠡᠭᠴᠢᠳ ᠡᠷᠦᠬᠡ ᠳᠤ ᠣᠷᠣᠵᠤ ᠬᠠᠪᠰᠤᠷᠤᠯᠭ᠎ᠠ | ᠦᠵᠡᠭᠦᠯᠬᠦ ᠶᠢᠨ ᠬᠠᠮᠲᠤ ᠤᠯᠠᠨ ᠲᠦᠮᠡᠨ ᠳᠤ ᠠᠷᠠᠳ ᠲᠤ ᠠᠰᠢᠭ ᠬᠦᠷᠲᠡᠭᠡᠬᠦ ᠨᠥᠬᠦᠪᠥᠷᠢ ᠶᠢ ᠲᠠᠶᠢᠯᠪᠤᠷᠢᠯᠠᠨ | ᠥᠭᠪᠡ᠃ ᠭᠤᠣᠯᠳᠠᠯᠭ᠎ᠠ ᠲᠠᠢ ᠬᠥᠮᠦᠰ ᠤᠨ ᠵᠣᠯ ᠵᠢᠷᠭᠠᠯ ᠢ ᠡᠩᠨᠡᠭᠡ ᠠᠴᠠ ᠬᠤᠴᠤᠷᠤᠭᠤᠯᠬᠤ ᠦᠭᠡᠢ ᠶᠢᠨ ᠲᠥᠯᠥᠭᠡ | ᠂ ᠤᠯᠠᠨ ᠠᠷᠭ᠎ᠠ ᠵᠠᠮ᠂ ᠤᠯᠠᠨ ᠲᠡᠰ ᠳᠠᠪᠬᠤᠷᠭ᠎ᠠ ᠪᠠᠷ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ | ᠬᠦᠷᠲᠡᠭᠡᠬᠦ ᠲᠦᠷᠦ ᠶᠢᠨ ᠪᠤᠳᠤᠯᠭ᠎ᠠ ᠪᠣᠯᠤᠨ ᠨᠥᠬᠦᠪᠥᠷᠢ ᠮᠥᠩᠭᠦ ᠲᠠᠷᠬᠠᠭᠠᠭᠰᠠᠨ ᠪᠠᠶᠢᠳᠠᠯ ᠢ ᠮᠡᠳᠡᠭᠳᠡᠬᠦ ᠶᠢᠨ | ᠲᠥᠯᠥᠭᠡ᠂ ᠬᠤᠸᠠᠩ ᠶᠠᠩ ᠸᠠ ᠪᠠᠯᠭᠠᠰᠤ ᠶᠢᠨ ᠬᠢᠨ ᠪᠠᠯᠭᠠᠰᠤᠨ ᠤ ᠡᠳ᠋ ᠤᠨ ᠵᠠᠰᠠᠭ ᠤᠨ ᠭᠠᠵᠠᠷ ᠤᠨ ᠠᠵᠢᠯᠳᠠᠨ᠂ | ᠲᠣᠰᠬᠤᠨ ︵ᠨᠡᠶᠢᠭᠡᠮ ᠲᠣᠭᠤᠷᠢᠭ︶ ᠤ ᠬᠤᠶᠠᠷ ᠵᠥᠪᠯᠡᠯ ᠤᠨ ᠪᠦᠷᠢᠯᠳᠦᠬᠦᠨ᠂ ᠲᠣᠰᠬᠤᠨ ᠳᠤ ᠰᠠᠭᠤᠭ᠎ᠠ ︵ | ᠳᠠᠭᠠᠭᠠᠴᠢᠯᠠᠬᠤ︶ ᠲᠣᠰᠬᠤᠨ ᠤ ᠠᠵᠢᠯᠯᠠᠬᠤ ᠠᠩᠬᠢ ᠶᠢᠨ ᠭᠡᠰᠢᠭᠦᠳ ᠢ ᠵᠣᠬᠢᠶᠠᠨ ᠪᠠᠶᠢᠭᠤᠯᠤᠨ ᠤᠬᠠᠭᠤᠯᠤᠨ | ᠲᠠᠶᠢᠯᠪᠤᠷᠢᠯᠠᠬᠤ ᠪᠠᠭ᠎ᠠ ᠰᠠᠯᠪᠤᠷᠢ ᠠᠩᠬᠢ ᠶᠢ ᠵᠣᠬᠢᠶᠠᠨ ᠪᠠᠶᠢᠭᠤᠯᠵᠤ᠂ ᠨᠥᠬᠦᠴᠡᠯ ᠳᠤ ᠨᠡᠶᠢᠴᠡᠬᠦ ᠤᠯᠠᠨ ᠲᠦᠮᠡᠨ ᠢ | ᠬᠠᠪᠰᠤᠷᠤᠨ ᠲᠦᠷᠦ ᠶᠢᠨ ᠪᠤᠳᠤᠯᠭ᠎ᠠ ᠶᠢᠨ ᠪᠣᠳᠠᠲᠠᠢ ᠪᠠᠶᠢᠳᠠᠯ᠂ ᠰᠠᠷ᠎ᠠ ᠳᠤ ᠬᠥᠮᠦᠨ ᠳᠤᠮᠳᠠᠴᠢ ᠶᠢᠨ ᠨᠥᠬᠦᠪᠥᠷᠢ ᠶᠢᠨ | ᠪᠠᠷᠢᠮᠵᠢᠶ᠎ᠠ ᠶᠢ ᠲᠣᠳᠣᠷᠬᠠᠢ ᠲᠠᠶᠢᠯᠪᠤᠷᠢᠯᠠᠵᠤ᠂ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ | ᠲᠦᠷᠦ ᠶᠢᠨ ᠪᠤᠳᠤᠯᠭ᠎ᠠ ᠶᠢᠨ ᠡᠯ᠎ᠡ ᠵᠦᠢᠯ ᠤᠨ ᠨᠥᠬᠦᠪᠥᠷᠢ ᠶᠢᠨ ᠵᠣᠭᠤᠰ ᠢ ︽ᠬᠠᠮᠢᠭ᠎ᠠ ᠠᠴᠠ ᠶᠠᠪᠤᠭᠤᠯᠬᠤ︾᠂ ︽ | ᠬᠡᠳᠦᠢ ᠣᠯᠭᠤᠬᠤ︾ ᠶᠢ ᠣᠶᠢᠯᠠᠭᠠᠵᠤ᠂ ︽ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠤᠯᠠᠨ ᠲᠦᠮᠡᠨ ᠢ | ᠳᠤᠲᠠᠭᠤ ᠭᠦᠶᠦᠯᠭᠡᠵᠦ︾᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ | ᠠᠮᠤᠷ ᠲᠦᠪᠰᠢᠨ ᠤ ᠲᠦᠷᠦᠭᠳᠡᠯ ᠢ ᠦᠨᠡᠨ ᠬᠦ ᠳᠡᠭᠡᠭᠰᠢᠯᠡᠭᠦᠯᠪᠡ᠃ | ᠣᠲᠣ ᠪᠣᠯᠲᠠᠯ᠎ᠠ᠂ ᠬᠤᠸᠠᠩ ᠶᠠᠩ ᠸᠠ ᠪᠠᠯᠭᠠᠰᠤᠨ ᠤ ᠠᠷᠠᠳ ᠲᠤ ᠠᠰᠢᠭ ᠬᠦᠷᠲᠡᠭᠡᠬᠦ ᠪᠦᠬᠦᠨ ᠲᠣᠬᠢᠷᠠᠬᠤ | ᠺᠠᠷᠲ ᠤᠨ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢ ᠵᠠᠰᠠᠭ ᠵᠠᠬᠢᠷᠭᠠᠨ ᠤ ᠣᠷᠣᠨ ᠪᠦᠰᠡ ᠶᠢᠨ | ᠬᠤᠪᠢᠶᠠᠷᠢᠯᠠᠯᠲᠠ ᠪᠠᠷ ᠨᠢᠭᠡᠨᠲᠡ ᠲᠤᠯᠤᠭᠠᠨ ᠵᠠᠭᠤ ᠭᠠᠷᠤᠶ ᠲᠦᠮᠡᠨ ᠲᠥᠭᠦᠷᠢᠭ ᠲᠠᠷᠬᠠᠭᠠᠵᠤ᠂ ᠲᠠᠷᠬᠠᠭᠠᠭᠰᠠᠨ | ᠬᠥᠮᠦᠨ ᠤ ᠲᠤᠭ᠎ᠠ ᠨᠢ 23000 ᠭᠠᠷᠤᠶ ᠬᠥᠮᠦᠨ ᠤᠳᠠᠭ᠎ᠠ ᠳᠤ ᠬᠦᠷᠴᠦ᠂ ᠨᠥᠬᠦᠪᠥᠷᠢ ᠣᠯᠭᠤᠬᠤ ᠲᠥᠷᠥᠯ | ᠵᠦᠢᠯ ᠳᠤ ᠬᠤᠯᠪᠣᠭᠳᠠᠭᠰᠠᠨ ᠲᠠᠷᠢᠶᠠᠯᠠᠩ ᠤᠨ ᠲᠥᠷᠥᠯ᠂ ᠮᠠᠯ ᠠᠵᠤ ᠠᠬᠤᠶ ᠶᠢᠨ ᠲᠥᠷᠥᠯ᠂ ᠣᠶ ᠰᠢᠭᠤᠶ ᠶᠢᠨ | ᠲᠥᠷᠥᠯ᠂ ᠨᠡᠶᠢᠭᠡᠮ ᠤᠨ ᠪᠠᠲᠤᠯᠠᠭ᠎ᠠ ᠶᠢᠨ ᠲᠥᠷᠥᠯ ᠵᠡᠷᠭᠡ ᠣᠯᠠᠨ ᠲᠠᠯ᠎ᠠ ᠶᠢ ᠬᠠᠮᠤᠷᠴᠤ᠂ ︽ᠪᠦᠬᠦᠨ ᠲᠣᠬᠢᠷᠠᠬᠤ | ᠺᠠᠷᠲ︾ ᠤᠨ ᠲᠠᠷᠬᠠᠭᠠᠭᠰᠠᠨ ᠬᠡᠮᠵᠢᠶ᠎ᠡ ᠨᠢ ᠪᠥᠬᠦ ᠪᠠᠯᠭᠠᠰᠤᠨ ᠤ ᠬᠥᠮᠦᠨ ᠤ ᠲᠤᠭ᠎ᠠ ᠶᠢᠨ 90% ᠠᠴᠠ | ᠳᠡᠭᠡᠭᠰᠢᠬᠢ ᠶᠢ ᠡᠵᠡᠯᠡᠵᠦ᠂ ᠢᠳᠡᠪᠬᠢᠵᠢᠭᠦᠯᠦᠭᠰᠡᠨ ᠺᠠᠷᠲ ᠤᠨ ᠬᠡᠮᠵᠢᠶ᠎ᠡ ᠶᠢᠨ ᠡᠵᠡᠯᠡᠬᠦ ᠬᠠᠷᠢᠴᠠᠯ ᠨᠢ 85% ᠳᠤ | ᠬᠦᠷᠴᠡᠶ᠃ ᠬᠤᠸᠠᠩ ᠶᠠᠩ ᠸᠠ ᠪᠠᠯᠭᠠᠰᠤ ᠶᠢᠨ ᠬᠢᠨ ᠨᠥᠬᠦᠪᠦᠷᠢ ᠶᠢᠨ ᠪᠡᠯᠡ ᠮᠥᠩᠭᠦ ᠨᠢᠭᠡᠪᠦᠷᠢ ᠶᠢ ᠴᠥᠮ ᠴᠠᠭ | ᠲᠤᠬᠠᠢ ᠳᠤᠨᠢ ᠤᠯᠠᠨ ᠲᠦᠮᠡᠨ ᠤ ᠭᠠᠷ ᠲᠤ ᠣᠷᠣᠭᠤᠯᠬᠤ ᠪᠠᠷ ᠴᠢᠷᠮᠠᠶᠢᠵᠤ᠂ ᠤᠯᠠᠨ ᠲᠦᠮᠡᠨ ᠤ ︽ ᠠᠮᠤ ᠪᠣᠳᠠᠭ᠎ᠠ | ᠶᠢᠨ ᠮᠥᠩᠭᠦ︾ ︽ᠨᠠᠰᠤᠵᠢᠯ ᠤᠨ ᠠᠰᠠᠷᠠᠮᠵᠢ ᠶᠢᠨ ᠮᠥᠩᠭᠦ︾ ᠶᠢ ᠰᠠᠶᠢᠲᠤᠷ ᠰᠠᠬᠢᠵᠤ᠂ ᠠᠷᠠᠳ ᠲᠤ ᠠᠰᠢᠭ | ᠬᠦᠷᠲᠡᠭᠡᠬᠦ ︽ᠪᠦᠬᠦᠨ ᠳᠤ ᠲᠣᠬᠢᠷᠠᠬᠤ ᠺᠠᠷᠲ︾ ᠢ ᠦᠨᠡᠨᠬᠦ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ | ᠲᠦᠬᠦᠮ ᠦᠵᠡᠭᠦᠯᠬᠦ ︽ᠰᠡᠳᠬᠢᠯ ᠤᠨ ᠺᠠᠷᠲ︾ ︽ᠣᠶᠢᠯᠠᠭᠠᠮᠵᠢᠲᠠᠢ ᠺᠠᠷᠲ︾ ︽ᠵᠣᠯ ᠵᠢᠷᠭᠠᠯ ᠤᠨ ᠺᠠᠷᠲ︾ | ᠪᠣᠯᠭᠠᠨ᠎ᠠ᠃ |