ᠮᠠ ᠯᠢ ᠬᠤᠸᠠ ᠠᠤᠬᠠᠨ ᠤ ᠠᠵᠤ ᠦᠢᠯᠡᠳᠪᠦᠷᠢ ᠶᠢᠨ ᠲᠣᠭᠤᠷᠢᠭ ᠤᠨ ᠭᠤᠣᠯᠳᠠᠯᠭ᠎ᠠ ᠲᠠᠢ  ᠠᠷᠠᠯᠵᠢᠶᠠᠴᠢᠨ ᠤᠷᠢᠵᠤ ᠪᠡᠯᠡ  ᠲᠠᠲᠠᠬᠤ ᠲᠦᠷᠦᠯ ᠵᠦᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/10/12
        10 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠤᠯᠠᠭᠠᠨᠬᠠᠳᠠ ᠶᠢᠨ ᠠᠤᠬᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠬᠦᠷᠴᠦ ᠭᠤᠤᠯᠳᠠᠯᠭ᠎ᠠ ᠲᠠᠢ  ᠠᠷᠠᠯᠵᠢᠶᠠᠴᠢᠨ ᠤᠷᠢᠵᠤ ᠪᠠᠯᠠ ᠲᠠᠲᠠᠬᠤ ᠲᠥᠷᠥᠯ ᠵᠦᠢᠯ ᠢ ᠪᠠᠶᠢᠴᠠᠭᠠᠨ ᠰᠤᠳᠤᠯᠵᠤ᠂ ᠬᠦᠷᠢᠶᠡᠯᠡᠩ ᠲᠣᠭᠤᠷᠢᠭ ᠤᠨ ᠠᠯᠪᠠᠨ ᠬᠡᠷ ᠤᠨ ᠬᠠᠷᠢᠭᠤᠴᠠᠯᠭᠠᠲᠠᠨ ᠪᠠᠷ᠎ᠠ ᠪᠣᠯᠪᠠ
C:\Users\Administrator\Desktop\1_副本.jpg
    ᠮᠠ ᠯᠢ ᠬᠤᠸᠠ ᠨᠠᠷ ᠤᠷᠢᠳ ᠬᠤᠵᠢᠳ ᠠᠤᠬᠠᠨ ᠬᠤᠰᠢᠭᠤᠨ ᠤ ᠱᠧᠩ ᠴᠢᠶᠠᠩ ᠱᠦᠢᠨᠢ  ᠪᠠᠭᠠᠨ᠎ᠠ ᠶᠢᠨ ᠬᠢᠵᠠᠭᠠᠷᠲᠤ ᠺᠣᠮᠫᠠᠨᠢ ᠶᠢᠨ ᠵᠢᠯ ᠳᠤ 1 ᠲᠦᠮᠡᠨ ᠲᠣᠨ ᠲᠡᠮᠦᠷ ᠰᠤᠪᠤᠷᠭ᠎ᠠ ᠪᠣᠯᠣᠳ ᠬᠤᠭᠤᠯᠠᠶ ᠶᠢᠨ ᠳᠠᠭᠠᠯᠳᠤᠭᠤᠯᠤᠯ ᠰᠢᠷᠡᠮᠦ᠂ 3 ᠲᠦᠮᠡᠨ ᠰᠠᠭᠤᠷᠢ ᠱᠦᠢᠨᠢ ᠪᠠᠭᠠᠨ᠎ᠠ ᠡᠳ᠋ᠰᠢᠭᠦᠯᠬᠦ ᠲᠥᠷᠥᠯ ᠵᠦᠢᠯ᠂ ᠪᠧᠨ ᠶᠤᠸᠠᠨ  ᠱᠢ ᠳ᠋ᠠᠢ ︵ᠤᠯᠠᠭᠠᠨᠬᠠᠳᠠ︶ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠵᠢᠯ ᠳᠤ 40 ᠲᠦᠮᠡᠨ ᠲᠣᠨ ᠲᠡᠮᠦᠷᠯᠢᠭ ᠴᠠᠬᠢᠭᠤᠷ ᠤᠨ ᠲᠥᠷᠥᠯ ᠵᠦᠢᠯ᠂ ᠤᠯᠠᠭᠠᠨᠬᠠᠳᠠ ᠶᠢᠨ ᠯᠦᠩ ᠵᠤ᠋ ᠮᠠᠰᠢᠨ ᠮᠧᠬᠠᠨᠢᠭ ᠤᠨ ᠬᠢᠵᠠᠭᠠᠷᠲᠤ ᠺᠣᠮᠫᠠᠨᠢ ᠶᠢᠨ ᠵᠢᠯ ᠳᠤ 10 ᠲᠦᠮᠡᠨ ᠲᠣᠨ ᠠᠴᠠ ᠮᠠᠰᠢᠨ ᠲᠣᠨᠤᠭ ᠦᠢᠯᠡᠳᠪᠦᠷᠢᠯᠡᠬᠦ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠥᠪᠦᠷ ᠮᠣᠩᠭᠤᠯ ᠤᠨ ᠱᠠ ᠮᠥᠸᠧ ᡁᠢ ᠬᠤᠸᠠ ᠠᠮᠢ ᠠᠬᠤᠢ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠠᠷᠪᠠᠨ ᠲᠦᠮᠡᠨ ᠲᠤᠨ ᠤᠮᠳᠠᠭᠠᠨ ᠤ ᠤᠶᠤᠨᠴᠢ ᠦᠢᠯᠡᠳᠪᠦᠷᠢᠯᠡᠯ ᠤᠨ ᠲᠠᠰᠤᠭ ᠂ ᠣᠶᠤᠨᠴᠢ ᠬᠥᠮᠥᠷᠭᠡᠯᠡᠨ ᠬᠠᠳᠠᠭᠠᠯᠠᠬᠤ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠤᠯᠠᠭᠠᠨᠬᠠᠳᠠ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠭᠡᠭᠡᠯᠲᠡ ᠶᠢᠨ ᠲᠣᠭᠤᠷᠢᠭ ᠤᠨ ᠠᠤᠬᠠᠨ ᠬᠤᠰᠢᠭᠤᠨ ᠤ ᠠᠵᠤ ᠦᠢᠯᠡᠰ ᠤᠨ ᠬᠦᠷᠢᠶᠡᠯᠡᠩ ᠤᠨ 2024 ᠣᠨ ᠤ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ ᠪᠠᠶᠢᠰᠢᠩ ᠤᠨ ᠦᠬᠡᠷ ᠬᠤᠨᠢᠨ ᠮᠢᠬ᠎ᠠ ᠶᠢ ᠨᠠᠷᠢᠯᠢᠭ ᠡᠳ᠋ᠰᠢᠭᠦᠯᠬᠦ ᠦᠢᠯᠡᠳᠪᠦᠷᠢ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠠᠤᠬᠠᠨ ᠬᠤᠰᠢᠭᠤᠨ ᠤ ᠶᠢᠨ ᠰᠧ ᠪᠧᠢ ᠨᠦᠩ ᠲᠠᠷᠢᠶᠠᠯᠠᠩ ᠤᠨ ᠡᠷᠳᠡᠨᠢ ᠰᠢᠰᠢ ᠶᠢᠨ ᠦᠷ᠎ᠡ ᠰᠠᠴᠤᠵᠤ ᠬᠠᠲᠠᠭᠠᠨ ᠡᠳ᠋ᠰᠢᠭᠦᠯᠬᠦ ᠦᠢᠯᠡᠳᠪᠦᠷᠢ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ  ᠠᠷᠠᠯᠵᠢᠶᠠᠴᠢᠨ ᠤᠷᠢᠵᠤ ᠪᠡᠯᠡ ᠲᠠᠲᠠᠬᠤ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ ᠬᠦᠷᠴᠦ᠂ ᠲᠥᠷᠥᠯ ᠵᠦᠢᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ᠂ ᠪᠠᠷᠢᠯᠭ᠎ᠠ ᠶᠢᠨ ᠬᠠᠮᠢᠶᠠᠷᠤᠯᠲᠠ᠂ ᠲᠥᠷᠥᠯ ᠵᠦᠢᠯ ᠤᠨ ᠦᠢᠯᠡᠳᠪᠦᠷᠢᠯᠡᠬᠦ ᠴᠢᠳᠠᠪᠤᠷᠢ᠂ ᠭᠠᠶᠢᠯᠢ ᠲᠠᠲᠠᠪᠤᠷᠢ᠂ ᠠᠵᠢᠯ ᠣᠯᠭᠤᠯᠲᠠ ᠪᠠ ᠵᠠᠬ᠎ᠠ ᠳᠡᠯᠭᠡᠭᠦᠷ ᠤᠨ ᠬᠡᠲᠦ ᠶᠢᠨ ᠲᠥᠯᠥᠪ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠴᠠᠶ᠃
C:\Users\Administrator\Desktop\2_副本.jpg
    ᠮᠠ ᠯᠢ ᠬᠤᠸᠠ᠂ ᠲᠦᠷᠦᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂ ︽ᠲᠦᠷᠦᠯ ᠵᠦᠢᠯ ᠤᠨ ᠬᠠᠮᠢᠶᠠᠷᠤᠭᠴᠢ︾ ᠶᠢᠨ ᠦᠢᠯᠡᠴᠢᠯᠡᠭᠡ ᠶᠢ ᠠᠬᠢᠭᠤᠯᠬᠤ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠡᠪᠦᠯ ᠤᠨ ᠤᠯᠠᠷᠢᠯ ᠪᠣᠯᠬᠤ ᠠᠴᠠ ᠡᠮᠦᠨᠡᠬᠢ ᠪᠠᠷᠢᠯᠭ᠎ᠠ ᠶᠢᠨ ᠬᠤᠭᠤᠴᠠᠭᠠᠨ ᠤ ᠠᠵᠠ ᠲᠣᠬᠢᠶᠠᠯ ᠢ ᠠᠮᠵᠢᠵᠤ᠂ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠢ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠢ᠃ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠪᠠᠷᠢᠯᠭ᠎ᠠ ᠶᠢᠨ ᠬᠤᠭᠤᠴᠠᠭ᠎ᠠ ᠶᠢ ᠤᠷᠤᠭᠰᠢ ᠲᠠᠪᠰᠢᠬᠤ᠂ ᠶᠠᠰᠤ ᠴᠢᠨᠠᠷ ᠢ ᠪᠠᠲᠤᠯᠠᠭ᠎ᠠ ᠲᠠᠢ᠂ ᠠᠮᠤᠷ ᠲᠦᠪᠰᠢᠨ ᠳᠤ ᠠᠰᠠᠭᠤᠳᠠᠯ ᠦᠭᠡᠢ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠨ ᠭᠠᠷᠭᠠᠪᠠ᠃
C:\Users\Administrator\Desktop\3_副本.jpg
    ᠮᠠ ᠯᠢ ᠬᠤᠸᠠ᠂ ᠠᠷᠠᠯᠵᠢᠶᠠᠴᠢᠨ ᠤᠷᠢᠵᠤ ᠪᠠᠯᠠ ᠲᠠᠲᠠᠬᠤ ᠲᠥᠷᠥᠯ ᠵᠦᠢᠯ ᠨᠢ ᠮᠠᠨ ᠤ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠠᠵᠢᠯ ᠣᠯᠭᠤᠬᠤ ᠲᠣᠬᠢᠶᠠᠯ ᠢ ᠥᠷᠭᠡᠳᠬᠡᠬᠦ᠂ ᠡᠳ᠋ ᠤᠨ ᠵᠠᠰᠠᠭ ᠤᠨ ᠣᠷᠣᠯᠭ᠎ᠠ ᠶᠢ ᠨᠡᠮᠡᠭᠳᠡᠭᠦᠯᠬᠦ ᠵᠡᠷᠭᠡ ᠡᠯ᠎ᠡ ᠲᠠᠯ᠎ᠠ ᠳᠤ ᠴᠢᠬᠤᠯᠠ ᠠᠴᠢ ᠬᠤᠯᠪᠣᠭᠳᠠᠯ ᠲᠠᠢ ᠶᠤᠮ᠂  ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠷᠠᠯᠵᠢᠶᠠᠴᠢᠨ ᠤᠷᠢᠵᠤ ᠪᠠᠯᠠ ᠲᠠᠲᠠᠬᠤ ᠲᠥᠷᠥᠯ ᠵᠦᠢᠯ ᠢ ᠰᠠᠶᠢᠲᠤᠷ ᠬᠠᠯᠠᠮᠵᠢᠯᠠᠨ ᠬᠠᠶᠢᠷᠠᠯᠠᠵᠤ᠂ ᠲᠥᠷᠥᠯ ᠵᠦᠢᠯ ᠤᠨ ᠬᠥᠭᠵᠢᠯᠲᠡ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠶ ᠭᠡᠵᠦ  ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号