ᠣᠷᠤᠢ ᠶᠢᠨ ᠰᠦᠮ᠎ᠡ ᠰᠣᠮᠦ ᠄  ᠰᠢᠨᠵᠢᠯᠡᠨ ᠪᠠᠶᠢᠴᠠᠭᠠᠵᠤ ᠰᠣᠯᠢᠯᠴᠠᠭ᠎ᠠ ᠬᠢᠵᠦ ᠬᠦᠭᠵᠢᠯᠲᠡ ᠶᠢ ᠬᠠᠮᠲᠤ ᠪᠠᠷ ᠠᠬᠢᠭᠤᠯᠵᠤ ᠪᠡᠭᠡᠵᠢᠩ ᠥᠪᠥᠷ ᠮᠣᠩᠭᠤᠯ ᠭᠠᠷ ᠬᠤᠯᠪᠣᠨ ᠰᠢᠨ᠎ᠡ ᠠᠶᠠᠨ ᠢᠶᠠᠨ  ᠲᠠᠬᠢᠨ ᠡᠬᠢᠯᠡᠭᠦᠯᠦᠨ᠎ᠡ
ᠨᠡᠶᠢᠲᠡᠯᠡᠭᠰᠡᠨ ᠴᠠᠭ᠄
2024/10/14
         10 ᠰᠠᠷ᠎ᠠ ᠶᠢᠨ 11 ᠤ ᠡᠳᠦᠷ᠂ ᠪᠡᠭᠡᠵᠢᠩ ᠬᠤᠲᠠ ᠶᠢᠨ ᠸᠠᠨ ᠱᠸᠦ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠭᠤᠤᠯ ᠬᠠᠷᠢᠭᠤᠴᠠᠯᠭᠠᠲᠠᠨ ᠼᠠᠢ ᠰᠢ ᠯᠢᠶᠠᠩ ᠵᠡᠭᠡᠯᠢ ᠭᠤᠳᠤᠮᠵᠢ ᠶᠢᠨ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ ᠬᠤᠷᠢᠶ᠎ᠠ ᠶᠢᠨ ᠭᠤᠤᠯ ᠬᠠᠷᠢᠭᠤᠴᠠᠯᠭᠠᠲᠠᠨ᠂ ᠬᠠᠮᠢᠶ᠎ᠠ ᠪᠥᠬᠦᠶ ᠠᠵᠢᠯ ᠤᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠬᠠᠮᠢᠶ᠎ᠠ ᠪᠥᠬᠦᠶ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠡᠷᠭᠡ ᠶᠢ ᠳᠠᠭᠠᠭᠤᠯᠤᠨ ᠤᠷᠤᠢ ᠶᠢᠨ ᠰᠦᠮ᠎ᠡ ᠰᠤᠮᠤᠨ ᠳᠤ ᠬᠦᠷᠴᠦ ᠰᠢᠨᠵᠢᠯᠡᠨ ᠪᠠᠶᠢᠴᠠᠭᠠᠵᠤ ᠰᠠᠨᠠᠯ ᠢᠶᠠᠨ ᠰᠣᠯᠢᠯᠴᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠭᠦᠸᠧ ᠰᠢᠶᠤᠤ ᠴᠢᠶᠤᠤ᠂  ᠰᠣᠮᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠲᠠᠨ᠂ ᠰᠤᠮᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠬᠠᠮᠢᠶ᠎ᠠ ᠪᠥᠬᠦᠶ ᠭᠠᠴᠠᠭᠠᠨ ᠤ ᠨᠠᠮ ᠤᠨ ᠡᠭᠦᠷ ᠤᠨ ᠱᠦᠵᠢ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃    ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠣᠷᠤᠢ ᠶᠢᠨ ᠰᠦᠮ᠎ᠡ ᠰᠤᠮᠤᠨ ᠳᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠶᠠᠷᠢᠯᠴᠠᠭᠠᠨ ᠤ ᠬᠤᠷᠠᠯ ᠬᠤᠷᠠᠯᠳᠤᠪᠠ᠃ ᠬᠤᠷᠠᠯ ᠳᠡᠭᠡᠷ᠎ᠡ ᠰᠤᠮᠤᠨ ᠤ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠣᠶᠢᠷ᠎ᠠ ᠶᠢᠨ ᠵᠢᠯ ᠤᠨ ᠰᠣᠮᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠨᠠᠷᠢᠨ ᠲᠠᠨᠢᠯᠴᠠᠭᠤᠯᠵᠤ᠂ ᠬᠠᠮᠢᠶ᠎ᠠ ᠪᠥᠬᠦᠶ ᠭᠠᠴᠠᠭᠠᠨ ᠤ ᠦᠨᠳᠦᠰᠦᠨ ᠪᠠᠶᠢᠳᠠᠯ ᠢᠶᠠᠨ ᠬᠠᠷᠢᠭᠤ ᠮᠡᠳᠡᠭᠦᠯᠪᠡ᠃ ᠸᠠᠨ ᠱᠸᠦ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠭᠤᠤᠯ ᠬᠠᠷᠢᠭᠤᠴᠠᠯᠭᠠᠲᠠᠨ ᠰᠣᠮᠤᠨ ᠤ ᠥᠷᠨᠢᠭᠦᠯᠦᠭᠰᠡᠨ ᠡᠯ᠎ᠡ ᠵᠦᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠨᠤᠲᠠᠯᠠᠵᠤ ᠪᠠᠶᠢᠬᠤ ᠪᠠᠨ ᠢᠯᠡᠳᠬᠡᠵᠦ᠂ ᠲᠠᠷᠠᠭᠠᠴᠢ ᠶᠢᠨ ᠠᠯᠬᠤᠮ ᠳᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠳᠤᠮᠳᠠ  ᠰᠣᠮᠤᠨ ᠤ ᠳᠠᠪᠠᠭᠤᠯᠢᠭ ᠡᠬᠢ ᠪᠠᠶᠠᠯᠢᠭ ᠲᠤ ᠰᠠᠭᠤᠷᠢᠯᠠᠨ᠂ ᠬᠠᠮᠢᠶ᠎ᠠ ᠪᠥᠬᠦᠶ ᠨᠢᠭᠡᠴᠡ᠂ ᠠᠵᠤ ᠠᠬᠤᠶᠢᠯᠠᠯ ᠢ ᠵᠣᠬᠢᠴᠠᠭᠤᠯᠵᠤ ᠪᠠᠶᠢᠭᠠᠳ ᠰᠤᠮᠤᠨ ᠤ ᠬᠥᠭᠵᠢᠯᠲᠡ ᠳᠤ ᠪᠥᠬᠦ ᠬᠦᠴᠦᠨ ᠢᠶᠠᠷ ᠢᠶᠠᠨ ᠬᠦᠴᠦᠨ ᠨᠡᠮᠡᠷᠢᠯᠡᠨ᠎ᠡ᠃ ᠳᠠᠷᠠᠭ᠎ᠠ ᠨᠢ ᠬᠤᠶᠠᠷ ᠲᠠᠯ᠎ᠠ ᠪᠠᠷ ᠢᠶᠠᠨ ᠠᠵᠤ ᠦᠢᠯᠡᠰ ᠢ ᠪᠤᠶᠢᠵᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠢ ᠠᠭᠤᠰᠤᠯᠴᠠᠭᠤᠯᠬᠤ᠂ ᠲᠦᠷᠦᠯ ᠲᠡᠮᠳᠡᠭ ᠢ ᠡᠭᠦᠳᠬᠦ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠬᠤ ᠶᠢᠨ ᠬᠠᠮᠲᠤ  ᠰᠣᠮᠤᠨ ᠤ ᠳᠠᠷᠠᠭᠠᠴᠢ ᠶᠢᠨ ᠠᠯᠬᠤᠮ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠤᠬᠠᠢ ᠰᠠᠨᠠᠯ ᠢᠶᠠᠨ ᠰᠣᠯᠢᠯᠴᠠᠪᠠ᠃ ᠬᠤᠷᠠᠯ ᠳᠡᠭᠡᠷ᠎ᠡ ᠸᠠᠨ ᠱᠸᠦ ᠵᠠᠮ ᠤᠨ ᠵᠡᠭᠡᠯᠢ ᠭᠤᠳᠤᠮᠵᠢ ᠪᠣᠯᠤᠨ ᠣᠷᠤᠢ ᠶᠢᠨ ᠰᠦᠮ᠎ᠡ ᠰᠤᠮᠤ᠂ ᠸᠠᠨ ᠱᠸᠦ ᠵᠠᠮ ᠤᠨ ᠵᠡᠭᠡᠯᠢ ᠭᠤᠳᠤᠮᠵᠢ ᠶᠢᠨ ᠹᠦ᠋ ᠰᠢᠩ ᠵᠠᠮ ᠤᠨ 32 ᠳ᠋ᠤᠭᠠᠷ ᠲᠣᠭᠠᠲᠤ ᠨᠡᠶᠢᠭᠡᠮ ᠲᠣᠭᠤᠷᠢᠭ ᠪᠣᠯᠤᠨ  ᠬᠠᠪᠢᠷᠭ᠎ᠠ ᠭᠠᠴᠠᠭ᠎ᠠ᠂ ᠽᠢ ᠵᠢᠩ ᠬᠤᠸᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠪᠴᠢᠭᠦᠯᠦᠭᠦᠷ ︵ᠪᠡᠭᠡᠵᠢᠩ︶ ᠬᠢᠵᠠᠭᠠᠷᠲᠤ ᠺᠣᠮᠫᠠᠨᠢ ᠶᠢᠨ ᠤᠯᠠᠭᠠᠨ ᠵᠠᠩᠭᠤ ᠭᠠᠴᠠᠭ᠎ᠠ ᠯᠤᠭ᠎ᠠ ᠬᠠᠪᠰᠤᠷᠤᠨ ᠲᠡᠳᠬᠦᠬᠦ ᠬᠡᠯᠡᠯᠴᠡᠭᠡᠷ ᠲᠣᠭᠲᠠᠪᠠ᠃ ᠬᠤᠷᠠᠯ ᠳᠡᠭᠡᠷ᠎ᠡ ᠪᠠᠰᠠ ᠸᠠᠨ ᠱᠸᠦ ᠵᠠᠮ ᠤᠨ ᠵᠡᠭᠡᠯᠢ ᠭᠤᠳᠤᠮᠵᠢ ᠶᠢᠨ 2024 ᠣᠨ ᠤ ᠲᠥᠷᠥᠯ ᠵᠦᠢᠯ ᠤᠨ ᠪᠠᠯᠠ ᠮᠥᠩᠭᠦ ᠬᠠᠨᠳᠢᠪᠯᠠᠬᠤ ᠪᠠ ᠽᠢ ᠵᠢᠩ ᠬᠤᠸᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠪᠴᠢᠭᠦᠯᠦᠭᠦᠷ ︵ᠪᠡᠭᠡᠵᠢᠩ︶ ᠤᠨ ᠬᠢᠵᠠᠭᠠᠷᠲᠤ ᠺᠣᠮᠫᠠᠨᠢ ᠶᠢᠨ ᠪᠠᠯᠠ ᠮᠥᠩᠭᠦ ᠬᠠᠨᠳᠢᠪᠯᠠᠬᠤ ᠶᠣᠰᠣᠯᠠᠯ ᠶᠠᠪᠤᠭᠤᠯᠪᠠ᠃    ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠣᠷᠤᠢ ᠶᠢᠨ ᠰᠦᠮ᠎ᠡ ᠰᠤᠮᠤ ᠶᠢᠨ ᠥᠨᠳᠥᠷ ᠪᠠᠷᠢᠮᠵᠢᠶᠠᠲᠤ ᠬᠦᠢᠲᠡᠨ ᠬᠡᠯᠬᠢᠶᠡᠲᠦ ᠰᠢᠨ᠎ᠡ ᠰᠣᠷᠭᠤᠭ ᠪᠠᠶᠢᠯᠭᠠᠬᠤ ᠬᠥᠮᠥᠷᠭᠡ ᠶᠢᠨ ᠲᠥᠷᠥᠯ  ᠵᠦᠢᠯ᠂ ᠥᠨᠳᠥᠷ ᠪᠠᠷᠢᠮᠵᠢᠶᠠᠲᠤ  ᠢᠳᠡᠰᠢᠨ ᠬᠤᠨᠢ ᠦᠷᠡᠵᠢᠭᠦᠯᠦᠨ ᠪᠤᠶᠢᠵᠢᠭᠤᠯᠬᠤ ᠲᠥᠪ ᠤᠨ ᠲᠥᠷᠥᠯ ᠵᠦᠢᠯ᠂ ᠬᠢᠲᠠᠳ ᠡᠮᠨᠡᠯᠭᠡ ᠮᠣᠩᠭᠤᠯ ᠡᠮ ᠡᠮᠨᠡᠯᠭᠡ ᠡᠷᠡᠭᠦᠯᠵᠢᠯ ᠤᠨ ᠲᠥᠪ ᠤᠨ ᠲᠥᠷᠥᠯ  ᠵᠦᠢᠯ  ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠲᠥᠷᠥᠯ ᠵᠦᠢᠯ ᠤᠨ ᠠᠵᠢᠯᠯᠠᠭᠠᠨ᠂ ᠲᠥᠷᠥᠯ  ᠵᠦᠢᠯ ᠤᠨ ᠦᠷ᠎ᠡ ᠪᠦᠲᠦᠮᠵᠢ᠂ ᠣᠯᠠᠨ ᠲᠦᠮᠡᠨ ᠤ ᠠᠰᠢᠭ ᠭᠥᠷᠳᠡᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠲᠥᠷᠥᠯ  ᠵᠦᠢᠯ ᠤᠨ ᠬᠠᠮᠢᠶᠠᠷᠤᠯᠲᠠ᠂ ᠲᠥᠷᠥᠯ  ᠵᠦᠢᠯ ᠤᠨ ᠬᠥᠭᠵᠢᠯᠲᠡ ᠵᠡᠷᠭᠡ ᠲᠠᠯ᠎ᠠ ᠪᠠᠷ ᠬᠠᠨᠳᠤᠯᠭᠠᠲᠤ ᠴᠢᠨᠠᠷᠲᠠᠶ ᠰᠠᠨᠠᠯ ᠳᠤᠷᠠᠳᠪᠠ᠃    ︽ᠥᠪᠦᠷ︾  ᠳᠠᠭᠤᠳᠠᠯᠭ᠎ᠠ ᠲᠠᠢ ᠪᠠᠶᠢᠪᠠᠯ ᠂ ︽ᠪᠡᠭᠡᠵᠢᠩ︾ ᠪᠣᠯ ᠬᠠᠷᠢᠭᠤ ᠲᠤᠰᠬᠠᠯ ᠲᠠᠢ ᠪᠠᠶᠢᠳᠠᠭ᠃ ᠪᠡᠭᠡᠵᠢᠩ ᠥᠪᠥᠷ ᠮᠣᠩᠭᠤᠯ ᠤᠨ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠸᠠᠨ ᠱᠸᠦ ᠵᠠᠮ ᠤᠨ ᠵᠡᠭᠡᠯᠢ ᠭᠤᠳᠤᠮᠵᠢ ᠪᠣᠯᠤᠨ ᠣᠷᠤᠢ ᠶᠢᠨ ᠰᠦᠮ᠎ᠡ ᠰᠤᠮᠤ ᠰᠢᠨ᠎ᠡ ᠴᠠᠭ ᠦᠶ᠎ᠡ ᠶᠢᠨ ᠬᠦᠴᠦᠨ ᠢᠶᠠᠨ ᠲᠥᠪᠯᠡᠷᠡᠭᠦᠯᠦᠨ ᠬᠠᠮᠲᠤᠷᠠᠯᠴᠠᠨ ᠬᠥᠭᠵᠢᠬᠦ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠪᠡ᠃ ᠲᠠᠷᠠᠭᠠᠴᠢ ᠶᠢᠨ ᠠᠯᠬᠤᠮ ᠳᠤ ᠤᠷᠤᠢ ᠶᠢᠨ ᠰᠦᠮ᠎ᠡ ᠰᠤᠮᠤ ᠪᠣᠯᠤᠨ ᠸᠠᠨ ᠱᠸᠦ ᠵᠠᠮ ᠤᠨ ᠵᠡᠭᠡᠯᠢ ᠭᠤᠳᠤᠮᠵᠢ ᠦᠷᠭᠦᠯᠵᠢᠯᠡᠨ ᠭᠦᠨ ᠵᠤᠵᠠᠭᠠᠨ ᠬᠠᠶᠢᠷ᠎ᠠ ᠰᠡᠳᠬᠢᠯᠭᠡ  ᠪᠠᠷ ᠢᠶᠠᠨ ᠭᠠᠷ ᠬᠤᠯᠪᠣᠨ ᠮᠥᠷᠥ ᠵᠡᠷᠭᠡᠴᠡᠵᠦ᠂ ᠬᠠᠮᠵᠢᠯᠴᠠᠬᠤ ᠡᠷᠴᠢᠮ ᠢᠶᠠᠨ ᠴᠢᠩᠭᠠᠷᠠᠭᠤᠯᠤᠨ ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠥᠨᠳᠥᠷ ᠬᠤᠪᠢ ᠶᠢᠨ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号