| 10 ᠰᠠᠷ᠎ᠠ ᠶᠢᠨ 9 ᠤ ᠡᠳᠦᠷ ᠠᠴᠠ 10 ᠰᠠᠷ᠎ᠠ ᠶᠢᠨ 11 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠠᠴᠠ ᠬᠠᠮᠲᠤᠷᠠᠨ | ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠠᠴᠠ ᠳᠠᠭᠠᠭᠠᠨ | ᠡᠷᠭᠢᠯᠡᠭᠰᠡᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠳᠠᠭᠠᠭᠠᠮᠠᠯ ᠤᠨ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠤᠷᠤᠯᠳᠤᠭᠠᠨ ᠬᠥᠬᠡᠬᠤᠲᠠ ᠳᠤ ᠠᠮᠵᠢᠯᠲᠠ ᠲᠠᠢ ᠶᠠᠪᠤᠭᠳᠠᠪᠠ᠃ ᠠᠤᠬᠠᠨ ᠬᠤᠰᠢᠭᠤᠨ ᠤ ᠲᠠᠷᠢᠶᠠᠯᠠᠩ | ᠮᠠᠯ ᠠᠵᠤ ᠠᠬᠤᠶ ᠶᠢᠨ ᠲᠣᠪᠴᠢᠶ᠎ᠠ ᠶᠢᠨ ᠰᠣᠩᠭᠤᠨ ᠬᠦᠷᠭᠡᠭᠰᠡᠨ ᠥᠪᠥᠷ ᠮᠣᠩᠭᠤᠯ ᠤᠨ ᠰᠢᠨ ᠯᠢᠶᠠᠨ ᠳᠠᠷᠢᠵᠤ | ᠲᠡᠵᠢᠭᠡᠬᠦ ᠲᠠᠷᠢᠶᠠᠴᠢᠨ ᠤ ᠲᠤᠰᠬᠠᠶ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ | ᠳᠠᠷᠤᠭ᠎ᠠ ᠶᠠᠩ ᠯᠢᠶᠠᠩ᠂ ᠠᠤᠬᠠᠨ ᠬᠤᠰᠢᠭᠤᠨ ᠤ ᡁᠢ ᠢᠦᠶ ᠳᠠᠷᠢᠵᠤ ᠲᠡᠵᠢᠭᠡᠨ ᠦᠷᠡᠵᠢᠭᠦᠯᠬᠦ ᠲᠤᠰᠬᠠᠶ | ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠴᠠᠩ ᡁᠢ ᠢᠦᠶ ᠲᠣᠰ ᠲᠣᠰ ᠤᠷᠤᠯᠳᠤᠭᠠᠨ ᠤ ᠨᠢᠭᠡᠳᠦᠭᠡᠷ | ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ ᠭᠥᠷᠳᠡᠪᠡ᠃ | ᠥᠪᠡᠷᠲᠡᠭᠡᠨ ᠵᠠᠰᠠᠬᠤ ᠣᠷᠣᠨ ᠠᠴᠠ ᠡᠷᠭᠢᠯᠡᠭᠰᠡᠨ ᠲᠣᠰ ᠤᠳᠠᠭᠠᠨ ᠤ ᠲᠠᠷᠢᠶᠠᠯᠠᠩ ᠤᠨ ᠳᠠᠭᠠᠭᠠᠮᠠᠯ ᠤᠨ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠨᠢ ᠶᠡᠷᠦᠩᠬᠡᠶ ᠱᠦᠵᠢ ᠰᠢ ᠶᠢᠨ ᠫᠢᠩ ᠤᠨ ︽ᠬᠥᠳᠡᠭᠡ ᠠᠵᠤ | ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠤᠷ᠎ᠠ | ᠴᠢᠳᠠᠪᠤᠷᠢ ᠶᠢᠨ ᠴᠢᠳᠠᠪᠤᠷᠢᠲᠠᠨ ᠤ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠬᠥᠳᠡᠭᠡ ᠠᠵᠤ ᠠᠬᠤᠶ ᠬᠥᠳᠡᠭᠡ ᠲᠣᠰᠬᠤᠨ ᠤ | ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠬᠥᠳᠡᠭᠡ ᠠᠵᠤ | ᠠᠬᠤᠶ ᠶᠢᠨ ᠡᠵᠡᠩᠨᠡᠨ ᠬᠠᠮᠢᠶᠠᠷᠤᠭᠴᠢ ᠶᠢᠨ ᠤᠷ᠎ᠠ ᠴᠢᠳᠠᠪᠤᠷᠢ ᠶᠢᠨ ᠬᠢᠷᠢ ᠲᠦᠪᠰᠢᠨ ᠢ ᠪᠥᠬᠦ ᠲᠠᠯ᠎ᠠ ᠪᠠᠷ | ᠳᠡᠭᠡᠭᠰᠢᠯᠡᠭᠦᠯᠬᠦ ᠶᠢ ᠠᠬᠢᠭᠤᠯᠵᠤ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ | ᠭᠤᠤᠯ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠴᠢᠳᠠᠪᠤᠷᠢ ᠶᠢ ᠨᠡᠮᠡᠭᠳᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ | ᠬᠦᠴᠦᠷᠬᠡᠭ ᠶᠡᠭᠡ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠶᠢᠨ ᠲᠥᠯᠥᠭᠡ ᠶᠤᠮ᠃ | ᠡᠭᠦᠨ ᠠᠴᠠ ᠭᠠᠳᠠᠨ᠎ᠠ᠂ ᠤᠷᠤᠯᠳᠤᠭᠠᠨ ᠤ ᠬᠢᠷᠢ ᠪᠦᠲᠦᠮᠵᠢ ᠶᠢᠨ ᠲᠦᠷᠦᠭᠦᠤ ᠭᠤᠷᠪᠠᠨ ᠨᠡᠷᠡᠰ ᠲᠤ | ᠵᠢᠭᠰᠠᠭᠠᠭᠳᠠᠭᠰᠠᠨ ᠰᠢᠯᠢᠭᠳᠡᠭᠰᠡᠳ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ | ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠪᠣᠯᠪᠠᠰᠤᠷᠠᠯ ᠢᠶᠠᠨ ᠴᠢᠩᠭᠠᠳᠬᠠᠬᠤ ᠶᠢ ᠵᠣᠬᠢᠶᠠᠨ ᠪᠠᠶᠢᠭᠤᠯᠤᠭᠰᠠᠨ ᠤ | ᠳᠠᠷᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠲᠥᠯᠥᠭᠡᠯᠡᠨ 2024 ᠣᠨ ᠤ ᠪᠥᠬᠦ | ᠤᠯᠤᠰ ᠤᠨ ᠲᠠᠷᠢᠶᠠᠯᠠᠩ ᠤᠨ ᠳᠠᠭᠠᠭᠠᠮᠠᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠳᠤ | ᠣᠷᠤᠯᠴᠠᠭᠤᠯᠤᠨ᠎ᠠ᠃ ᠪᠦᠬᠦ ᠤᠯᠤᠰ ᠤᠨ ᠤᠷᠤᠯᠳᠤᠭᠠᠨ ᠳᠤ ᠡᠮᠦᠨ᠎ᠡ 6 ᠨᠡᠷᠡᠰ ᠲᠤ ᠵᠢᠭᠰᠠᠭᠠᠭᠳᠠᠭᠰᠠᠨ | ᠰᠢᠯᠢᠭᠳᠡᠭᠰᠡᠳ ᠢ ᠳᠠᠷᠠᠭ᠎ᠠ ᠨᠢᠭᠡ ᠪᠦᠯᠦᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽5 · 1︾ | ᠤ ᠬᠥᠳᠡᠯᠮᠦᠷᠢ ᠶᠢᠨ ᠱᠠᠩᠨᠠᠯ ᠤᠨ ᠲᠡᠮᠲᠡᠭ ᠲᠤ ᠣᠷᠤᠭᠤᠯᠤᠨ ᠠᠰ ᠲᠤᠨᠢ ᠬᠦᠬᠢᠭᠦᠯᠦᠨ ᠰᠠᠶᠢᠰᠢᠶᠠᠬᠤ ᠲᠦᠯᠦᠪᠯᠡᠭᠡ | ᠳᠣᠭᠲᠠᠭᠠᠪᠠ᠃ | ᠣᠲᠣ ᠪᠣᠯᠲᠠᠯ᠎ᠠ᠂ ᠠᠤᠬᠠᠨ ᠬᠤᠰᠢᠭᠤᠨ ᠳᠤ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ 1791 | ᠪᠠᠶᠢᠵᠤ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ 758 ᠪᠠᠶᠢᠵᠤ᠂ ᠰᠢᠨ᠎ᠡ ᠬᠡᠯᠪᠡᠷᠢ ᠶᠢᠨ ᠲᠠᠷᠢᠶᠠᠯᠠᠩ | ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠲᠤᠭ᠎ᠠ ᠠᠯᠬᠤᠮ ᠠᠯᠬᠤᠮ ᠢᠶᠠᠷ ᠨᠡᠮᠡᠭᠳᠡᠵᠦ᠂ | ᠲᠠᠷᠢᠶᠠᠯᠠᠩ ᠤᠨ ᠡᠵᠡᠩᠨᠡᠨ ᠬᠠᠮᠢᠶᠠᠷᠤᠭᠴᠢᠳ ᠤᠨ ᠦᠢᠯᠡᠳᠦᠯ ᠲᠠᠰᠤᠷᠠᠯᠲᠠ ᠥᠬᠡᠶ ᠴᠢᠩᠭᠠᠷᠠᠵᠤ᠂ 2024 ᠣᠨ ᠳᠤ | ᠂ ᠭᠠᠵᠠᠷ ᠰᠢᠷᠣᠶ ᠶᠢ ᠨᠠᠶᠢᠳᠠᠨ ᠬᠠᠮᠢᠶᠠᠷᠤᠭᠤᠯᠬᠤ ᠵᠡᠷᠭᠡ ᠨᠡᠶᠢᠭᠡᠮᠴᠢᠯᠡᠭᠰᠡᠨ ᠡᠵᠡᠩᠨᠡᠯᠲᠡ ᠶᠢᠨ ᠲᠠᠯᠠᠪᠠᠶ 24 ᠲᠦᠮᠡᠨ | ᠮᠥ ᠳᠤ ᠬᠦᠷᠴᠦ᠂ ᠣᠯᠠᠨ ᠲᠦᠮᠡᠨ ᠢ 1.1 ᠲᠦᠮᠡ ᠭᠠᠷᠤᠶ ᠳᠠᠶᠢᠴᠢᠯᠠᠪᠠ᠃ |