ᠬᠤᠰᠢᠭᠤᠨ ᠤ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠲᠥᠪ ᠤᠨ ᠬᠢᠨ ︽ᠣᠯᠠᠨ ᠤᠯᠤᠰ ᠤᠨ ᠭᠠᠮᠰᠢᠭ ᠢ ᠪᠠᠭᠠᠰᠬᠠᠬᠤ ᠡᠳᠦᠷ︾ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/15
     ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠤᠯᠠᠮ ᠨᠢᠭᠡ ᠠᠯᠬᠤᠮ ᠤᠬᠠᠭᠤᠯᠵᠤ᠂ ᠵᠠᠯᠠᠭᠤ ᠨᠢᠭᠡ ᠦᠶ᠎ᠡ ᠶᠢᠨ ᠭᠠᠮᠰᠢᠭ ᠢ ᠰᠡᠷᠭᠡᠶᠢᠯᠡᠬᠦ  ᠪᠠᠭᠠᠰᠬᠠᠬᠤ ᠦᠵᠡᠯ ᠤᠬᠠᠮᠰᠠᠷ ᠢ ᠴᠢᠩᠭᠠᠷᠠᠭᠤᠯᠤᠨ᠂ ᠣᠯᠠᠨ ᠲᠦᠮᠡᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠵᠠᠶᠢᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ ᠂ ᠣᠶᠢᠷ᠎ᠠ ᠳᠤ᠂ ᠬᠤᠰᠢᠭᠤᠨ ᠤ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠲᠥᠪ ᠤᠨ ᠬᠢᠨ ᠤᠯᠠᠭᠠᠨᠬᠠᠳᠠ ᠶᠢᠨ ᠮᠠᠰᠢᠨ ᠴᠠᠬᠢᠯᠭᠠᠨ ᠤ ᠢᠨᠵᠧᠨᠧᠷᠢᠩ ᠤᠨ ᠰᠤᠷᠭᠠᠭᠤᠯᠢ ᠳᠤ ᠬᠦᠷᠴᠦ ︽ᠣᠯᠠᠨ ᠤᠯᠤᠰ ᠤᠨ ᠭᠠᠮᠰᠢᠭ ᠢ ᠪᠠᠭᠠᠰᠬᠠᠬᠤ ᠡᠳᠦᠷ︾ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠳᠤᠮᠳᠠ ᠬᠤᠰᠢᠭᠤᠨ ᠤ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠲᠥᠪ ᠤᠨ ᠠᠵᠢᠯᠲᠠᠳ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠲᠠ ᠶᠢᠨ ᠴᠡᠭ ᠪᠠᠶᠢᠷᠢ ᠶᠢᠨ ᠵᠢᠷᠤᠭ ᠬᠦᠷᠭᠡᠬᠦ᠂ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠵᠠᠯᠠᠭᠤ ᠨᠢᠭᠡ ᠦᠶ᠎ᠡ ᠶᠢᠨ ᠬᠢᠨ ᠳᠤ ᠭᠠᠵᠠᠷ ᠬᠥᠳᠡᠯᠦᠯᠲᠡ ᠶᠢᠨ ᠦᠨᠳᠦᠰᠦᠨ ᠮᠡᠳᠡᠯᠭᠡ᠂ ᠭᠠᠵᠠᠷ ᠬᠥᠳᠡᠯᠦᠯᠲᠡ ᠶᠢᠨ ᠭᠠᠮᠰᠢᠭ ᠤᠨ ᠣᠨᠴᠠᠯᠢᠭ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠠᠶᠤᠯ ᠠᠴᠠ ᠵᠠᠶᠢᠯᠠᠬᠤ ᠵᠡᠷᠭᠡ ᠶᠡᠷᠦ ᠶᠢᠨ ᠮᠡᠳᠡᠯᠭᠡ ᠶᠢᠨ ᠲᠣᠭᠤᠷᠢᠨ ᠳᠤ ᠲᠠᠶᠢᠯᠤᠮᠵᠢ ᠬᠢᠵᠦ᠂ ᠵᠠᠯᠠᠭᠤ ᠨᠢᠭᠡ ᠦᠶ᠎ᠡ ᠶᠢᠨ ᠬᠢᠨ ᠢ ᠬᠥᠲᠥᠯᠥᠨ ᠵᠢᠯᠣᠭᠤᠳᠴᠤ ᠪᠠᠶᠢᠭᠠᠳ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠭᠠᠮᠰᠢᠭ ᠠᠴᠠ ᠵᠠᠶᠢᠯᠠᠵᠤ ᠥᠪᠡᠷ ᠢ ᠪᠠᠨ ᠠᠪᠤᠷᠠᠬᠤ ᠤᠷ᠎ᠠ ᠴᠢᠳᠠᠪᠤᠷᠢ ᠶᠢ ᠡᠵᠡᠮᠰᠢᠭᠦᠯᠵᠦ᠂ ᠭᠠᠮᠰᠢᠭ ᠤᠨ ᠪᠠᠶᠢᠳᠠᠯ ᠢ ᠠᠷᠭᠠᠴᠠᠬᠤ ᠴᠢᠳᠠᠪᠤᠷᠢ ᠶᠢ ᠨᠡᠮᠡᠭᠳᠡᠭᠦᠯᠦᠨ᠂ ᠭᠠᠮᠰᠢᠭ ᠤᠨ ᠠᠳᠡᠯ ᠭᠠᠷᠬᠤ ᠶᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠬᠦ ᠬᠡᠷᠡᠭᠲᠡᠶ ᠭᠡᠵᠦ ᠬᠦᠲᠦᠯᠦᠨ ᠵᠢᠯᠤᠭᠤᠳᠪᠠ᠃ ᠡᠭᠦᠨ ᠤ ᠬᠠᠮᠲᠤ᠂ ᠬᠤᠰᠢᠭᠤᠨ ᠤ ᠳᠣᠲᠣᠷᠠᠬᠢ ᠭᠤᠤᠯ ᠪᠣᠯᠬᠤ ᠵᠠᠮ ᠤᠨ ᠬᠡᠰᠡᠭ ᠲᠤ ᠣᠯᠠᠨ ᠤᠯᠤᠰ ᠤᠨ ᠭᠠᠮᠰᠢᠭ ᠢ ᠪᠠᠭᠠᠰᠬᠠᠬᠤ ᠡᠳᠦᠷ ᠤᠨ ᠭᠤᠤᠯ ᠰᠡᠳᠦᠪᠲᠦ ᠡᠯᠭᠦᠭᠡ ᠪᠢᠴᠢᠭᠡᠰᠦ ᠡᠯᠭᠦᠵᠦ᠂ ︽ᠭᠠᠶ ᠭᠠᠮᠰᠢᠭ ᠬᠠᠶᠢᠷ᠎ᠠ ᠨᠠᠶᠢᠷ ᠥᠬᠡᠶ᠂  ᠰᠡᠷᠭᠡᠶᠢᠯᠡᠬᠦ ᠶᠢ ᠤᠷᠢᠳᠴᠢᠯᠠᠨ ᠬᠢᠵᠦ᠂ 2024 ᠣᠨ ᠤ ᠣᠯᠠᠨ ᠤᠯᠤᠰ ᠤᠨ ᠭᠠᠮᠰᠢᠭ ᠢ ᠪᠠᠭᠠᠰᠬᠠᠬᠤ ᠡᠳᠦᠷ ᠲᠤ ᠠᠮᠢ ᠨᠠᠰᠤ ᠪᠠ ᠬᠡᠷ ᠣᠷᠣᠨ ᠢᠶᠠᠨ ᠬᠠᠮᠲᠤ ᠪᠠᠷ ᠰᠠᠬᠢᠨ ᠬᠠᠮᠠᠭᠠᠯᠠᠬᠤ︾  ᠵᠡᠷᠭᠡ ᠤᠷᠢᠶ᠎ᠠ ᠯᠣᠽᠦ᠋ᠩ ᠢ ᠡᠯᠭᠦᠵᠦ᠂ ᠪᠥᠬᠦ ᠠᠷᠠᠳ ᠢᠶᠠᠷ ᠢᠶᠠᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠭᠤᠷ ᠠᠮᠢᠰᠬᠤᠯ ᠢ ᠪᠣᠶ ᠪᠣᠯᠭᠠᠪᠠ᠃    ᠲᠣᠰ ᠤᠳᠠᠭᠠᠨ ᠤ ᠣᠯᠠᠨ ᠤᠯᠤᠰ ᠤᠨ ᠭᠠᠮᠰᠢᠭ ᠢ ᠪᠠᠭᠠᠰᠬᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠳᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠮᠠᠲ᠋ᠧᠷᠢᠶᠠᠯ ᠵᠢᠴᠢ ᠡᠯ᠎ᠡ ᠲᠥᠷᠥᠯ ᠤᠨ ᠤᠬᠠᠭᠤᠯᠭ᠎ᠠ ᠶᠢᠨ ᠡᠳ᠋ ᠪᠣᠳᠠᠰ ᠢ ᠨᠡᠶᠢᠲᠡ 120 ᠭᠠᠷᠤᠶ ᠬᠤᠪᠢ ᠲᠠᠷᠬᠠᠭᠠᠵᠤ᠂ ᠲᠤᠬᠠᠶ ᠶᠢᠨ ᠲᠠᠯᠠᠪᠤᠷ ᠤᠨ ᠯᠠᠪᠯᠠᠭ᠎ᠠ ᠶᠢ 30 ᠭᠠᠷᠤᠶ ᠬᠥᠮᠦᠨ ᠤᠳᠠᠭ᠎ᠠ ᠭᠥᠯᠢᠶᠡᠨ ᠠᠪᠴᠤ᠂ ᠵᠠᠯᠠᠭᠤ ᠨᠢᠭᠡ ᠦᠶ᠎ᠡ ᠶᠢᠨ ᠬᠢᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠪᠠ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠲᠥᠪ ᠠᠴᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠠᠯᠠᠭᠤ ᠨᠢᠭᠡ ᠦᠶ᠎ᠡ ᠶᠢᠨ ᠬᠢᠨ ᠢ ᠬᠡᠷ ᠪᠦᠯᠢ ᠪᠠ ᠨᠡᠶᠢᠭᠡᠮ ᠤᠨ ᠤᠶᠠᠨ ᠬᠠᠳᠠᠨ ᠴᠢᠨᠠᠷᠲᠠᠶ ᠪᠠᠶᠢᠭᠤᠯᠤᠯᠲᠠ ᠶᠢᠨ ᠠᠬᠢᠭᠤᠯᠤᠭᠴᠢ ᠪᠣᠯᠭᠠᠵᠤ᠂ ᠮᠠᠨ ᠤ ᠬᠤᠰᠢᠭᠤᠨ ᠤ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号