| 10 ᠰᠠᠷ᠎ᠠ ᠶᠢᠨ 12 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ | ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ 2024 ᠣᠨ ᠤ ᠠᠤᠬᠠᠨ ᠬᠤᠰᠢᠭᠤᠨ ᠤ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠬᠤᠶᠠᠳᠤᠭᠠᠷ ᠤᠳᠠᠭᠠᠨ ᠤ ᠬᠤᠷᠠᠯ ᠵᠢᠴᠢ ᠬᠤᠶᠠᠳᠤᠭᠠᠷ ᠡᠭᠡᠯᠵᠢ ᠶᠢᠨ | ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ | ᠪᠠᠶᠢᠴᠠᠭᠠᠬᠤ ᠳᠠᠶᠢᠴᠢᠯᠠᠯᠲᠠ ᠶᠢᠨ ᠬᠤᠷᠠᠯ ᠢ ᠡᠷᠭᠢᠯᠡᠨ ᠬᠤᠷᠠᠯᠳᠤᠵᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ | ᠳᠠᠷᠤᠭ᠎ᠠ ᠯᠢ ᡁᠢ ᠴᠢᠶᠠᠩ ᠬᠤᠷᠠᠯ ᠳᠤ ᠣᠷᠣᠯᠴᠠᠵᠠᠶ᠃ | | | | | ᠬᠤᠷᠠᠯ ᠳᠡᠭᠡᠷ᠎ᠡ᠂ ᠤᠯᠠᠭᠠᠨᠬᠠᠳᠠ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠠᠤᠬᠠᠨ | ᠬᠤᠰᠢᠭᠤᠨ ᠤ ᠬᠤᠪᠢᠶᠠᠷᠢ ᠲᠣᠪᠴᠢᠶ᠎ᠠ ᠶᠢᠨ ᠬᠠᠷᠢᠭᠤᠴᠠᠯᠭᠠᠲᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ | ᠪᠥᠲᠥᠭᠡᠨ ᠪᠠᠶᠢᠭᠤᠯᠬᠤ ᠶᠢ ᠠᠬᠢᠭᠤᠯᠬᠤ ᠲᠦᠷᠢᠮ︾ ᠢ ᠳᠠᠭᠠᠭᠤᠯᠤᠨ ᠰᠤᠷᠤᠯᠴᠠᠵᠤ᠂ ᠪᠥᠬᠦ ᠬᠤᠰᠢᠭᠤᠨ ᠤ ᠠᠮᠢ | ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠵᠦ᠂ ︽ | ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠵᠢᠴᠢ | ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠡᠮ ᠰᠣᠭᠤᠭ ᠤᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠲᠦᠷᠭᠡᠳᠬᠡᠨ ᠠᠬᠢᠭᠤᠯᠬᠤ ᠲᠤᠬᠠᠶ ᠮᠡᠳᠡᠭᠳᠡᠯ︾ ᠤᠨ ᠭᠤᠤᠯᠳᠠᠯᠭ᠎ᠠ ᠲᠠᠢ ᠠᠭᠤᠯᠭ᠎ᠠ ᠳᠤ | ᠲᠠᠶᠢᠯᠤᠮᠵᠢ ᠬᠢᠪᠠ᠃ ᠯᠢ ᡁᠢ ᠴᠢᠶᠠᠩ ᠬᠤᠶᠠᠳᠤᠭᠠᠷ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢ ᠤᠭᠲᠤᠬᠤ ᠪᠣᠳᠠᠲᠠᠶ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ | | | | | ᠮᠠ ᠯᠢ ᠬᠤᠸᠠ᠂ ᠲᠠᠨᠢᠯᠲᠠ ᠪᠠᠨ ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ | ᠬᠡᠷᠡᠭᠲᠡᠢ᠃ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠴᠢᠬᠤᠯᠠ ᠴᠢᠨᠠᠷ᠂ | ᠲᠥᠪ ᠴᠢᠩᠭ᠎ᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠥᠴᠦᠬᠡᠨ ᠴᠦ ᠰᠤᠯᠠᠷᠠᠭᠤᠯᠵᠤ | ᠬᠤᠶᠢᠷᠭᠤᠰᠢᠵᠤ ᠪᠣᠯᠬᠤ ᠦᠭᠡᠢ᠂ ᠠᠰᠠᠭᠤᠳᠠᠯ ᠤᠨ ᠵᠠᠩᠭᠢᠯᠠᠭ᠎ᠠ ᠶᠢ ᠠᠳᠬᠤᠵᠤ᠂ ᠡᠯ᠎ᠡ ᠵᠦᠢᠯ ᠤᠨ ᠠᠵᠢᠯ ᠤᠨ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠪᠣᠬᠢᠷᠲᠤᠯ ᠢ ᠴᠡᠭᠴᠡᠯᠡᠨ | ᠰᠠᠶᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ | ᠃ | ᠮᠠ ᠯᠢ ᠬᠤᠸᠠ᠂ ᠭᠤᠣᠯᠳᠠᠯᠭ᠎ᠠ ᠶᠢ ᠲᠤᠪᠤᠶᠢᠯᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ | ᠠᠳᠬᠤᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠨᠡᠨ ᠠᠴᠠ ᠵᠥᠪ ᠢ ᠡᠷᠢᠬᠦ | ᠪᠠ ᠬᠠᠤᠯᠢ ᠲᠣᠭᠲᠠᠭᠠᠯ ᠢ ᠵᠢᠷᠤᠮᠯᠠᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ ᠠᠬᠢᠭᠤᠯᠵᠤ᠂ | ᠪᠥᠬᠦ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠵᠤ᠂ | ᠠᠰᠠᠭᠤᠳᠠᠯ ᠢ ᠪᠠᠶᠢᠴᠠᠭᠠᠨ ᠲᠣᠳᠣᠯᠠᠬᠤ ᠦᠭᠡᠢ ᠪᠣᠯ ᠲᠠᠯᠪᠢᠬᠤ ᠦᠭᠡᠢ᠂ ᠴᠡᠭᠴᠡᠯᠡᠨ ᠰᠠᠶᠢᠵᠢᠷᠠᠭᠤᠯᠤᠭᠰᠠᠨ ᠢᠶᠠᠷ | ᠬᠦᠷᠦᠯᠴᠡᠬᠦ ᠦᠭᠡᠢ ᠪᠣᠯ ᠲᠠᠯᠪᠢᠬᠤ ᠦᠭᠡᠢ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠦᠭᠡᠢ ᠪᠣᠯ ᠲᠠᠯᠪᠢᠬᠤ | ᠦᠭᠡᠢ᠂ ᠣᠯᠠᠨ ᠲᠦᠮᠡᠨ ᠬᠠᠨᠤᠮᠵᠢ ᠦᠭᠡᠢ ᠪᠣᠯ ᠲᠠᠯᠪᠢᠬᠤ ᠦᠭᠡᠢ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ | ᠪᠠᠶᠢᠴᠠᠭᠠᠯᠲᠠ ᠶᠢ ᠤᠭᠲᠤᠬᠤ ᠠᠵᠢᠯ ᠢ ᠰᠠᠶᠢᠲᠤᠷ ᠬᠢᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠪᠦᠷᠢᠯᠳᠦᠭᠦᠯᠬᠦ ᠬᠡᠷᠡᠭᠲᠡᠢ᠃ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠳᠤᠷᠠᠳᠤᠭᠰᠠᠨ ᠠᠰᠠᠭᠤᠳᠠᠯ ᠠᠴᠠ | ᠤᠬᠤᠷᠢᠬᠤ ᠦᠭᠡᠢ ᠂ ᠨᠢᠭᠤᠵᠤ ᠳᠠᠯᠳᠠᠯᠠᠬᠤ ᠦᠭᠡᠢ᠂ ᠵᠠᠶᠢᠯᠠᠬᠤ ᠦᠭᠡᠢ ᠪᠠᠶᠢᠵᠤ᠂ ᠦᠨᠡᠨ ᠬᠦ ᠬᠡᠷᠡᠭᠵᠢᠭᠦᠯᠵᠦ | ᠪᠣᠯᠬᠤᠶᠢᠴᠠ ᠠᠷᠭ᠎ᠠ ᠬᠡᠮᠵᠢᠶ᠎ᠡ ᠪᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠲᠣᠰ ᠤᠳᠠᠭᠠᠨ ᠤ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠯᠳᠦᠭᠦᠯᠵᠦ᠂ ᠪᠥᠬᠦ ᠬᠤᠰᠢᠭᠤᠨ ᠤ ᠠᠮᠢ | ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠵᠤ᠂ ᠠᠷᠠᠳ ᠣᠯᠠᠨ ᠤ ᠵᠣᠯ | ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ | ᠱᠠᠭᠠᠷᠳᠠᠪᠠ᠃ | ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠪᠦᠷᠢᠯᠳᠦᠬᠦᠨ ᠨᠢᠭᠡᠴᠡ ᠶᠢᠨ ᠭᠤᠤᠯ | ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠭᠤᠤᠯ ᠬᠠᠷᠢᠭᠤᠴᠠᠯᠭᠠᠲᠠᠨ᠂ | ᠬᠤᠰᠢᠭᠤᠨ ᠤ ᠳᠣᠲᠣᠷᠠᠬᠢ ᠬᠡᠰᠡᠭ ᠭᠤᠤᠯᠳᠠᠯᠭ᠎ᠠ ᠲᠠᠢ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ | ᠬᠤᠷᠠᠯ ᠳᠤ ᠣᠷᠣᠯᠴᠠᠵᠠᠶ᠃ |