| ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠠᠮᠤᠷ ᠲᠦᠪᠰᠢᠨ ᠲᠣᠭᠲᠠᠭᠤᠨ ᠪᠠᠶᠢᠳᠠᠯ ᠢ ᠪᠥᠬᠦ | ᠬᠦᠴᠦᠨ ᠢᠶᠠᠷ ᠢᠶᠠᠨ ᠬᠠᠮᠠᠭᠠᠯᠠᠵᠤ᠂ ᠠᠮᠤᠷ ᠲᠣᠭᠲᠠᠭᠤᠨ ᠡᠶ᠎ᠡ ᠵᠣᠬᠢᠴᠠᠩᠭᠤᠶ ᠰᠤᠷᠭᠠᠭᠤᠯᠢ ᠶᠢᠨ ᠣᠷᠴᠢᠨ | ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠰᠧ ᠳ᠋ᠤᠤ ᠸᠠᠨ ᠽᠢ ᠪᠠᠯᠭᠠᠰᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠭᠠᠵᠠᠷ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ᠂ ᠰᠣᠶᠣᠯ ᠤᠨ | ᠥᠷᠲᠡᠭᠡ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠥᠷᠲᠡᠭᠡ ᠵᠡᠷᠭᠡ ᠠᠵᠢᠯᠲᠠᠳ ᠢ ᠵᠣᠬᠢᠶᠠᠨ | ᠪᠠᠶᠢᠭᠤᠯᠤᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠲᠦᠪᠰᠢᠨ ᠤ ᠬᠠᠮᠲᠤᠷᠠᠭᠰᠠᠨ | ᠪᠠᠶᠢᠴᠠᠭᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠬᠠᠷᠢᠶᠠᠲᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠳᠤ | ᠭᠦᠨᠵᠡᠭᠡᠶᠢᠷᠡᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠢᠴᠢ ᠡᠷᠬᠢᠨ ᠲᠣᠭᠤᠷᠢᠨ ᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ | ᠣᠷᠴᠢᠨ ᠲᠣᠭᠤᠷᠢᠨ ᠢ ᠲᠠᠰᠤᠷᠠᠯᠲᠠ ᠥᠬᠡᠶ ᠴᠡᠪᠡᠷᠰᠢᠭᠦᠯᠪᠡ᠃ | ᠠᠵᠢᠯᠯᠠᠭᠠᠨ ᠤ ᠳᠤᠮᠳᠠ᠂ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠬᠠᠷᠢᠶ᠎ᠠ ᠣᠷᠣᠨ ᠤ ᠡᠯ᠎ᠡ ᠳᠤᠮᠳᠠᠳᠤ | ᠪᠠᠭ᠎ᠠ ᠰᠤᠷᠭᠠᠭᠤᠯᠢ ᠳᠤ ᠬᠦᠷᠴᠦ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠵᠢᠵᠢᠭ ᠬᠤᠳᠠᠯᠳᠤᠭᠠᠨ ᠤ | ᠭᠠᠵᠠᠷ᠂ ᠪᠢᠴᠢᠭ ᠤᠨ ᠬᠡᠷᠡᠭᠰᠡᠯ ᠤᠨ ᠳᠡᠯᠭᠡᠭᠦᠷ᠂ ᠵᠢᠵᠢᠭ ᠢᠳᠡᠭᠡᠨ ᠤ ᠳᠡᠯᠭᠡᠭᠦᠷ ᠵᠡᠷᠭᠡ ᠶᠢ ᠵᠢᠭᠰᠠᠭᠠᠨ ᠪᠠᠶᠢᠴᠠᠭᠠᠪᠠ᠃ | ᠵᠢᠵᠢᠭ ᠬᠤᠳᠠᠯᠳᠤᠭᠠᠨ ᠤ ᠭᠠᠵᠠᠷ ᠲᠤ ︽ᠭᠤᠷᠪᠠ ᠥᠬᠡᠶ︾ ᠢᠳᠡᠭᠡᠨ ᠪᠠ ᠬᠠᠭᠤᠷᠮᠠᠭ ᠮᠠᠭᠤ᠂ ᠬᠤᠤᠷ ᠬᠥᠨᠥᠭᠡᠯ᠂ | ᠬᠤᠭᠤᠴᠠᠭ᠎ᠠ ᠨᠢ ᠥᠩᠭᠡᠷᠡᠭᠰᠡᠨ᠂ ᠴᠢᠨᠠᠷ ᠬᠤᠪᠢᠷᠬᠠᠰᠠᠨ ᠵᠡᠷᠭᠡ ᠬᠢᠷᠢ ᠲᠡᠩᠴᠡᠭᠰᠡᠨ ᠥᠬᠡᠶ ᠦᠢᠯᠡᠳᠬᠦᠨ ᠪᠠᠶᠢᠬᠤ | ᠡᠰᠡᠬᠦ ᠶᠢ ᠪᠠᠶᠢᠴᠠᠭᠠᠨ ᠦᠵᠡᠬᠦ ᠶᠢᠨ ᠬᠠᠮᠲᠤ᠂ ᠵᠢᠵᠢᠭ ᠢᠳᠡᠭᠡᠨ ᠤ ᠳᠡᠯᠭᠡᠭᠦᠷ ᠤᠨ ᠭᠡᠷᠡᠴᠢ ᠦᠨᠡᠮᠯᠡᠯ ᠵᠢᠴᠢ | ᠠᠵᠢᠯᠲᠠᠨ ᠤ ᠡᠷᠡᠭᠦᠯ ᠮᠡᠨᠳᠦ ᠶᠢᠨ ᠦᠨᠡᠮᠯᠡᠯ᠂ ᠦᠨᠡᠮᠯᠡᠯ ᠠᠪᠬᠤ ᠵᠢᠴᠢ ᠥᠯᠢᠭᠡᠷ ᠦᠯᠡᠳᠡᠭᠡᠬᠦ ᠵᠡᠷᠭᠡ ᠠᠵᠢᠯ ᠤᠨ | ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠪᠡ᠃ ᠪᠢᠴᠢᠭ ᠤᠨ ᠬᠡᠷᠡᠭᠰᠡᠯ ᠤᠨ ᠳᠡᠯᠭᠡᠭᠦᠷ᠂ | ᠨᠣᠮ ᠤᠨ ᠳᠡᠯᠭᠡᠭᠦᠷ᠂ ᠲᠣᠭᠯᠠᠭᠠᠮ ᠤᠨ ᠳᠡᠯᠭᠡᠭᠦᠷ ᠵᠡᠷᠭᠡ ᠬᠤᠳᠠᠯᠳᠤᠭᠠᠯᠠᠭᠰᠠᠨ ᠬᠡᠪᠯᠡᠭᠳᠡᠬᠦᠨ᠂ ᠬᠡᠪᠯᠡᠭᠳᠡᠭᠦᠨ᠂ | ᠲᠣᠭᠯᠠᠭᠠᠮ ᠤᠨ ᠺᠠᠷᠲ ᠵᠡᠷᠭᠡ ᠳᠤ ᠬᠤᠣᠷ ᠬᠦᠨᠦᠭᠡᠯ ᠤᠨ ᠦᠳᠦᠭᠡᠯᠭᠡ᠂ ᠰᠤᠷᠭᠠᠭᠤᠯᠢ ᠶᠢᠨ ᠬᠦᠷᠢᠶᠡᠨ ᠤ | ᠬᠦᠴᠦᠷᠬᠡᠭᠯᠡᠯ ᠵᠡᠷᠭᠡ ᠬᠤᠣᠷ ᠬᠥᠨᠥᠭᠡᠯ ᠲᠠᠢ ᠮᠡᠳᠡᠭᠡ ᠵᠠᠩᠭᠢ ᠠᠭᠤᠯᠤᠭᠳᠠᠵᠤ ᠪᠠᠶᠢᠬᠤ ᠡᠰᠡᠬᠦ ᠶᠢ ᠪᠠᠶᠢᠴᠠᠭᠠᠪᠠ᠃ | ᠨᠠᠰᠤᠨ ᠳᠤ ᠥᠯᠥ ᠭᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠷᠰᠢᠯᠠᠬᠤ ᠠᠭᠤᠯᠭ᠎ᠠ ᠲᠠᠢ | ᠬᠡᠪᠯᠡᠭᠳᠡᠬᠦᠨ ᠵᠢᠴᠢ ᠮᠡᠳᠡᠭᠡ ᠵᠠᠩᠭᠢ ᠶᠢ ᠵᠢᠭᠰᠠᠭᠠᠨ ᠪᠠᠶᠢᠴᠠᠭᠠᠵᠤ᠂ ᠵᠢᠭᠰᠠᠭᠠᠨ ᠪᠠᠶᠢᠴᠠᠭᠠᠵᠤ ᠭᠠᠷᠭᠠᠭᠰᠠᠨ ᠡᠯ᠎ᠡ | ᠵᠦᠢᠯ ᠤᠨ ᠠᠮᠤᠷ ᠲᠦᠪᠰᠢᠨ ᠤ ᠳᠠᠯᠳᠠ ᠬᠡᠮ ᠢ ᠲᠤᠰᠬᠠᠶ ᠬᠥᠮᠦᠨ ᠢᠶᠠᠷ ᠬᠠᠷᠢᠭᠤᠴᠠᠭᠤᠯᠤᠨ ᠴᠡᠭᠴᠡᠯᠡᠨ | ᠰᠠᠶᠢᠵᠢᠷᠠᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠲᠡᠷᠡ ᠳᠠᠷᠤᠶ ᠳᠤᠨᠢ ᠴᠡᠭᠴᠡᠯᠡᠨ ᠰᠠᠶᠢᠵᠢᠷᠠᠭᠤᠯᠬᠤ ᠰᠠᠨᠠᠯ | ᠵᠢᠴᠢ ᠬᠡᠷᠡᠭᠵᠢᠭᠦᠯᠬᠦ ᠲᠥᠰᠦᠯ ᠳᠤᠷᠠᠳᠪᠠ᠃ ᠲᠡᠷᠡᠴᠢᠯᠡᠨ ᠨᠠᠰᠢ ᠴᠠᠰᠢ ᠶᠠᠪᠤᠵᠤ ᠪᠠᠶᠢᠭ᠎ᠠ ᠣᠯᠠᠨ ᠲᠦᠮᠡᠨ ᠳᠤ | ᠢᠳᠡᠭᠡᠨ ᠤ ᠠᠮᠤᠷ ᠲᠦᠪᠰᠢᠨ᠂ ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ | ᠥᠭᠬᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠵᠡᠷᠭᠡ ᠬᠠᠮᠢᠶ᠎ᠠ ᠪᠥᠬᠦᠶ ᠤᠬᠠᠭᠤᠯᠭ᠎ᠠ ᠶᠢᠨ | ᠮᠠᠲ᠋ᠧᠷᠢᠶᠠᠯ ᠢ ᠲᠠᠷᠬᠠᠭᠠᠪᠠ᠃ | ᠲᠠᠷᠠᠭᠠᠴᠢ ᠶᠢᠨ ᠠᠯᠬᠤᠮ ᠳᠤ᠂ ᠰᠤᠷᠭᠠᠭᠤᠯᠢ ᠶᠢᠨ ᠡᠷᠬᠢᠨ ᠲᠣᠭᠤᠷᠢᠨ ᠤ ᠠᠮᠤᠷ ᠲᠦᠪᠰᠢᠨ ᠵᠢᠴᠢ | ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠢ ᠦᠷᠭᠦᠯᠵᠢᠯᠡᠨ ᠴᠡᠭᠴᠡᠯᠡᠨ ᠵᠠᠰᠠᠵᠤ᠂ | ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠲᠦᠪᠰᠢᠨ ᠢ ᠤᠬᠠᠭᠤᠯᠵᠤ ᠲᠣᠭᠤᠷᠢᠨ ᠪᠠᠶᠢᠴᠠᠭᠠᠬᠤ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ | ᠲᠦᠪᠰᠢᠨ ᠵᠢᠴᠢ ᠣᠷᠴᠢᠨ ᠲᠣᠭᠤᠷᠢᠨ ᠤ ᠡᠷᠡᠭᠦᠯ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠨ᠎ᠠ᠃ |