| ᠰᠧ ᠵᠢᠶᠠ ᠽᠢ ᠪᠠᠯᠭᠠᠰᠤᠨ ᠤ ᠨᠠᠮᠤᠷ ᠤᠨ ᠬᠤᠷᠢᠶᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ | ᠪᠠᠲᠤᠯᠠᠵᠤ᠂ ᠠᠮᠤ ᠪᠤᠳᠠᠭ᠎ᠠ ᠶᠢ ᠬᠥᠮᠥᠷᠭᠡ ᠳᠤ ᠣᠷᠣᠭᠤᠯᠬᠤ ᠶᠢ ᠪᠡᠶᠡᠯᠡᠭᠦᠯᠬᠦ ᠶᠢᠨ ᠲᠥᠯᠥᠭᠡ᠂ ᠰᠧ ᠵᠢᠶᠠ ᠽᠢ | ᠪᠠᠯᠭᠠᠰᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠢ ᠪᠠᠶᠢᠷᠢᠯᠠᠭᠤᠯᠵᠤ᠂ ᠨᠠᠮᠤᠷ ᠤᠨ ᠬᠤᠷᠢᠶᠠᠯᠲᠠ ᠶᠢ | ᠯᠠᠪᠳᠠᠭᠤᠨ ᠪᠠᠲᠤᠲᠠᠢ ᠪᠦᠲᠦᠮᠵᠢᠲᠡᠢ ᠠᠬᠢᠭᠤᠯᠬᠤ ᠠᠯᠢ ᠤᠯᠠᠨ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠪᠡ᠃ | ᠨᠠᠮᠤᠷ ᠤᠨ ᠬᠤᠷᠢᠶᠠᠯᠲᠠ ᠶᠢᠨ ᠲᠠᠰᠢᠷᠠᠮ ᠢᠶᠠᠷ᠂ ᠪᠠᠯᠭᠠᠰᠤᠨ ᠤ ᠳᠠᠭᠠᠭᠠᠴᠢᠯᠠᠭᠰᠠᠨ ᠲᠣᠰᠬᠤᠨ ᠤ ᠺᠠᠳ᠋ᠷ ᠬᠤᠶᠢᠨ᠎ᠠ | ᠬᠤᠶᠢᠨ᠎ᠠ ᠠᠴᠠ ᠪᠠᠨ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠲᠠᠷᠢᠶᠠᠨ ᠭᠠᠵᠠᠷ ᠲᠤ ᠬᠦᠷᠴᠦ᠂ ᠲᠠᠷᠢᠶᠠᠴᠢᠨ | ᠡᠷᠦᠬᠡ ᠲᠠᠢ ᠨᠢᠭᠤᠷᠳᠠᠨ ᠶᠠᠷᠢᠯᠴᠠᠵᠤ᠂ ᠲᠡᠳᠡᠨ ᠤ ᠪᠣᠳᠠᠲᠠᠢ ᠬᠦᠴᠢᠷᠳᠡᠯ ᠪᠣᠯᠤᠨ ᠬᠡᠷᠡᠭᠴᠡᠭᠡ ᠶᠢ ᠣᠶᠢᠯᠠᠭᠠᠵᠤ᠂ | ᠲᠤᠬᠠᠢ ᠶᠢᠨ ᠲᠠᠯᠠᠪᠠᠢ ᠳᠤ ᠨᠠᠮᠤᠷ ᠤᠨ ᠬᠤᠷᠢᠶᠠᠯᠲᠠ ᠶᠢᠨ ᠳᠤᠮᠳᠠ ᠲᠤᠯᠭᠠᠷᠠᠭᠰᠠᠨ ᠬᠦᠴᠢᠷᠳᠡᠯ ᠢ ᠵᠣᠬᠢᠴᠠᠭᠤᠯᠤᠨ | ᠰᠢᠢᠳᠪᠦᠷᠢᠯᠡᠵᠦ᠂ ᠵᠢᠱᠢᠶᠡᠯᠡᠪᠡᠯ ᠲᠠᠷᠢᠶᠠᠯᠠᠩ ᠤᠨ ᠮᠠᠰᠢᠨ ᠢ ᠲᠤᠬᠢᠷᠠᠭᠤᠯᠬᠤ᠂ ᠬᠥᠳᠡᠯᠮᠦᠷᠢ ᠶᠢᠨ ᠬᠦᠴᠦᠨ | ᠬᠦᠷᠦᠯᠴᠡᠬᠦ ᠦᠭᠡᠢ ᠪᠠᠶᠢᠬᠤ ᠵᠡᠷᠭᠡ ᠶᠢ ᠪᠠᠲᠤᠯᠠᠵᠤ᠂ ᠨᠠᠮᠤᠷ ᠤᠨ ᠬᠤᠷᠢᠶᠠᠯᠲᠠ ᠶᠢᠨ ᠠᠵᠢᠯ ᠤᠨ ᠡᠮᠬᠢ ᠳᠢᠭᠯᠢᠮ ᠲᠠᠢ | ᠶᠠᠪᠤᠭᠳᠠᠬᠤ ᠶᠢ ᠪᠠᠲᠤᠯᠠᠪᠠ᠃ | ᠪᠠᠯᠭᠠᠰᠤᠨ ᠤ ᠲᠠᠷᠢᠶᠠᠯᠠᠩ ᠤᠨ ᠮᠠᠰᠢᠨ ᠤ ᠥᠷᠲᠡᠭᠡ ᠨᠢ ᠲᠠᠷᠢᠶᠠᠯᠠᠩ ᠤᠨ ᠮᠠᠰᠢᠨ ᠤ ᠡᠷᠦᠬᠡ ᠶᠢ ᠢᠳᠡᠪᠬᠢᠲᠡᠶ ᠪᠠᠷ | ᠵᠣᠬᠢᠶᠠᠨ ᠪᠠᠶᠢᠭᠤᠯᠵᠤ ᠨᠠᠮᠤᠷ ᠤᠨ ᠬᠤᠷᠢᠶᠠᠯᠲᠠ ᠶᠢᠨ ᠮᠧᠬᠠᠨᠢᠭ ᠢ ᠳᠣᠭᠢᠷᠠᠭᠤᠯᠬᠤ᠂ ᠪᠠᠶᠢᠴᠠᠭᠠᠨ ᠵᠠᠰᠠᠬᠤ ᠪᠠ | ᠠᠷᠠᠴᠢᠯᠠᠨ ᠬᠠᠮᠠᠭᠠᠯᠠᠵᠤ᠂ ᠲᠠᠷᠢᠶᠠᠯᠠᠩ ᠤᠨ ᠮᠧᠬᠠᠨᠢᠭ ᠤᠨ ᠠᠮᠤᠷ ᠲᠦᠪᠰᠢᠨ ᠤ ᠮᠡᠷᠭᠡᠵᠢᠯ ᠤᠨ ᠴᠢᠳᠠᠮᠵᠢ ᠶᠢᠨ ᠰᠠᠶᠢᠨ | ᠪᠠᠶᠢᠬᠤ ᠶᠢ ᠦᠨᠡᠨ ᠬᠦ ᠪᠠᠲᠤᠯᠠᠵᠤ᠂ ᠨᠠᠮᠤᠷ ᠤᠨ ᠬᠤᠷᠢᠶᠠᠯᠲᠠ ᠶᠢᠨ ︽ᠳᠠᠶᠢᠯᠠᠯᠳᠤᠭᠠᠨ︾ ᠢ ᠴᠢᠨᠠᠷ ᠰᠠᠶᠢᠲᠠᠶ | ᠪᠡᠯᠡᠳᠬᠡᠪᠡ᠃ ᠲᠠᠷᠢᠶᠠᠯᠠᠩ ᠤᠨ ᠮᠠᠰᠢᠨ ᠤ ᠰᠥᠨᠢ ᠵᠢᠴᠢ ᠦᠵᠡᠭᠳᠡᠴᠡ ᠮᠠᠭᠤ ᠨᠥᠬᠦᠴᠡᠯ ᠳᠣᠣᠷᠠᠬᠢ ᠠᠵᠢᠯ ᠤᠨ | ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠰᠧ ᠵᠢᠶᠠ ᠽᠢ ᠪᠠᠯᠭᠠᠰᠤ ᠬᠠᠷᠢᠶ᠎ᠠ ᠣᠷᠣᠨ ᠤ ᠪᠠᠨ ᠲᠣᠰᠬᠤᠨ ᠤ | ᠠᠷᠠᠳ ᠤᠨ ᠲᠠᠷᠢᠶᠠᠯᠠᠩ ᠤᠨ ᠮᠠᠰᠢᠨ ᠪᠠᠭᠠᠵᠢ ᠳᠤ ᠭᠡᠷᠡᠯ ᠣᠶᠢᠯᠭᠠᠭᠰᠠᠨ ᠵᠤᠷᠪᠤᠰ ᠢ ᠰᠦᠢᠳᠬᠡᠯ ᠬᠤᠷᠢᠶᠠᠬᠤ | ᠦᠭᠡᠢ ᠪᠠᠷ ᠨᠠᠭᠠᠵᠤ ᠥᠭᠬᠦ ᠶᠢᠨ ᠬᠠᠮᠲᠤ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠤᠬᠠᠭᠤᠯᠵᠤ᠂ | ᠲᠠᠷᠢᠶᠠᠯᠠᠩ ᠤᠨ ᠮᠠᠰᠢᠨ ᠤ ᠠᠳᠡᠯ ᠤᠨ ᠳᠠᠯᠳᠠ ᠭᠡᠮ ᠢ ᠬᠠᠮᠤᠭ ᠤᠨ ᠶᠡᠭᠡ ᠬᠡᠮᠵᠢᠶ᠎ᠡ ᠪᠠᠷ ᠵᠠᠶᠢᠯᠠᠭᠤᠯᠬᠤ ᠪᠠ | ᠠᠷᠢᠯᠭᠠᠵᠤ᠂ ᠨᠠᠮᠤᠷ ᠤᠨ ᠬᠤᠷᠢᠶᠠᠯᠲᠠ ᠶᠢᠨ ᠬᠤᠭᠤᠴᠠᠭᠠᠨ ᠳᠠᠬᠢ ᠠᠮᠤᠷ ᠲᠦᠪᠰᠢᠨ ᠢ ᠦᠨᠡᠨ ᠬᠦ ᠪᠠᠲᠤᠯᠠᠪᠠ᠃ | ᠨᠠᠮᠤᠷ ᠤᠨ ᠬᠤᠷᠢᠶᠠᠯᠲᠠ ᠶᠢᠨ ᠬᠤᠭᠤᠴᠠᠭᠠᠨ ᠳᠤ ᠡᠳ᠋ ᠪᠣᠳᠠᠰ ᠤᠨ ᠲᠡᠭᠡᠭᠡᠪᠦᠷᠢ ᠶᠢᠨ ᠰᠠᠭᠠᠳ ᠥᠬᠡᠶ | ᠨᠡᠪᠲᠡᠷᠡᠬᠦ ᠶᠢ ᠪᠠᠲᠤᠯᠠᠬᠤ ᠶᠢᠨ ᠲᠥᠯᠥᠭᠡ᠂ ᠰᠧ ᠵᠢᠶᠠ ᠽᠢ ᠪᠠᠯᠭᠠᠰᠤ ᠣᠷᠣᠰᠢᠵᠤ ᠪᠠᠶᠢᠭ᠎ᠠ ᠬᠤᠲᠣᠭᠤᠷ ᠭᠠᠵᠠᠷ | ᠲᠡᠭᠰᠢ ᠪᠤᠰᠤ᠂ ᠢᠪᠴᠤᠤ ᠮᠥᠷᠲᠡᠭᠡᠨ ᠶᠠᠪᠤᠬᠤ ᠳᠤ ᠬᠦᠴᠢᠷᠲᠡᠶ ᠵᠠᠮ ᠤᠨ ᠬᠡᠰᠡᠭ ᠲᠤ ᠴᠢᠭᠯᠡᠭᠦᠯᠦᠨ ᠰᠡᠯᠪᠢᠨ ᠵᠠᠰᠠᠵᠤ | ᠪᠠᠬᠢᠵᠢᠭᠦᠯᠬᠦ ᠪᠠ ᠥᠷᠭᠡᠳᠬᠡᠨ ᠥᠭᠡᠷᠡᠴᠢᠯᠡᠵᠦ᠂ ᠲᠠᠷᠢᠶᠠᠨ ᠭᠠᠵᠠᠷ ᠤᠨ ᠵᠠᠮ ᠲᠡᠭᠰᠢ ᠪᠠᠶᠢᠬᠤ ᠶᠢ ᠪᠠᠲᠤᠯᠠᠵᠤ᠂ | ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠪᠠ ᠠᠮᠤ ᠪᠤᠳᠠᠭᠠᠨ ᠤ ᠲᠡᠭᠡᠭᠡᠪᠦᠷᠢ ᠳᠤ ᠬᠦᠴᠦᠲᠡᠶ ᠪᠠᠲᠤᠯᠠᠭ᠎ᠠ ᠬᠠᠩᠭᠠᠪᠠ᠃ | | ᠰᠧ ᠵᠢᠶᠠ ᠽᠢ ᠪᠠᠯᠭᠠᠰᠤ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠣᠯᠤᠨ ᠨᠡᠩ ᠪᠣᠳᠠᠲᠠᠢ ᠶᠢ ᠡᠷᠬᠢᠮᠯᠡᠬᠦ | ᠰᠤᠷᠲᠠᠯ ᠢᠶᠠᠷ ᠨᠠᠮᠤᠷ ᠤᠨ ᠬᠤᠷᠢᠶᠠᠯᠲᠠ ᠶᠢᠨ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠮᠤ | ᠪᠤᠳᠠᠭᠠᠨ ᠤ ᠦᠢᠯᠡᠳᠪᠦᠷᠢᠯᠡᠯ ᠤᠨ ᠠᠮᠤᠷ ᠲᠦᠪᠰᠢᠨ ᠲᠣᠭᠲᠠᠭᠤᠨ ᠢ ᠪᠠᠲᠤᠯᠠᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠨᠡᠩ ᠶᠡᠭᠡ ᠰᠢᠨ᠎ᠡ ᠬᠦᠴᠦᠨ ᠴᠢᠳᠠᠯ ᠢᠶᠠᠨ ᠡᠷᠭᠦᠨ᠎ᠡ ᠭᠡᠪᠡ᠃ |