ᠬᠤᠸᠠᠩ ᠶᠠᠩ ᠸᠠ ᠪᠠᠯᠭᠠᠰᠤ᠄ ᠤᠴᠢᠷ ᠶᠠᠪᠤᠳᠠᠯ ᠢ ᠵᠥᠪᠳᠡᠯᠴᠡᠨ ᠬᠦᠴᠢᠷ ᠠᠰᠠᠭᠤᠳᠠᠯ ᠢ ᠰᠢᠢᠳᠪᠦᠷᠢᠯᠡᠵᠦ ᠤᠯᠠᠨ ᠲᠦᠮᠡᠨ ᠤ ᠶᠠᠪᠤᠵᠤ ᠰᠠᠭᠤᠬᠤ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ
ᠨᠡᠶᠢᠲᠡᠯᠡᠭᠰᠡᠨ ᠴᠠᠭ᠄
2024/10/16
    ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠡᠭᠦᠷᠭᠡ ᠲᠤᠰᠢᠶᠠᠯ ᠢᠶᠠᠨ  ᠭᠦᠢᠴᠡᠳᠬᠡᠬᠦ ︽ᠠᠷᠠᠳ ᠲᠦᠮᠡᠨ ᠳᠤ  ᠦᠢᠯᠡᠴᠢᠯᠡᠬᠦ︾ ᠠᠵᠢᠯᠯᠠᠭ᠎ᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠷᠠᠳᠴᠢᠯᠠᠯ ᠢᠶᠠᠷ ᠵᠥᠪᠯᠡᠬᠦ ᠶᠢ ᠪᠦᠲᠦᠮᠵᠢᠲᠡᠶ ᠦᠨᠳᠦᠰᠦᠨ ᠱᠠᠲᠤ ᠳᠠᠰᠢ ᠤᠷᠲᠤᠳᠬᠠᠬᠤ ᠶᠢ ᠠᠬᠢᠭᠤᠯᠬᠤ ᠶᠢᠨ ᠲᠥᠯᠥᠭᠡ᠂ ᠬᠤᠸᠠᠩ ᠶᠠᠩ ᠸᠠ ᠪᠠᠯᠭᠠᠰᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠬᠤᠯᠪᠣᠭ᠎ᠠ ᠠᠪᠬᠤ ᠲᠠᠰᠤᠭ ᠠᠤᠬᠠᠨ ᠤ ᠥᠷᠲᠡᠭᠡᠨ ᠤ ᠡᠮᠦᠨᠡᠬᠢ ᠱᠦᠢᠨᠢ ᠵᠠᠮ ᠵᠢᠴᠢ ᠪᠣᠷᠣᠭᠠᠨ ᠤ ᠤᠰᠤ ᠪᠣᠬᠢᠷ ᠤᠰᠤ ᠶᠢ ᠰᠠᠯᠭᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠤᠴᠢᠷ ᠶᠠᠪᠤᠳᠠᠯ ᠤᠨ ᠲᠣᠭᠤᠷᠢᠨ ᠳᠤ ᠵᠥᠪᠳᠡᠯᠴᠡᠨ ᠬᠡᠷᠡᠭ ᠵᠥᠪᠯᠡᠬᠦ ᠶᠢ ᠥᠷᠨᠢᠭᠦᠯᠵᠦ᠂ ᠣᠯᠠᠨ ᠲᠦᠮᠡᠨ ᠤ ᠠᠰᠢᠭ ᠲᠤᠰᠠ ᠳᠤ ᠬᠤᠯᠪᠣᠭᠳᠠᠬᠤ ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠢ ᠦᠨᠡᠨ ᠬᠦ ᠰᠠᠶᠢᠲᠤᠷ  ᠰᠢᠢᠳᠪᠦᠷᠢᠯᠡᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃    ᠠᠤᠬᠠᠨ ᠤ ᠥᠷᠲᠡᠭᠡᠨ ᠠᠴᠠ ᠡᠮᠦᠨᠡᠬᠢ ᠵᠠᠮ ᠨᠢ ᠡᠩᠬᠦᠯ ᠳᠤᠩᠬᠤᠯ᠂ ᠤᠳᠠᠭᠠᠨ ᠵᠢᠯ ᠵᠠᠰᠠᠭᠰᠠᠨ ᠦᠭᠡᠢ᠂ ᠦᠶᠡᠷ ᠤᠨ ᠬᠤᠭᠤᠴᠠᠭ᠎ᠠ ᠪᠣᠯᠬᠤ ᠪᠦᠷᠢ ᠵᠠᠮ ᠳᠡᠭᠡᠷ᠎ᠡ ᠤᠰᠤ ᠬᠤᠷᠠᠵᠤ᠂ ᠲᠤᠬᠠᠶ ᠶᠢᠨ ᠭᠠᠵᠠᠷ ᠤᠨ ᠣᠯᠠᠨ ᠲᠦᠮᠡᠨ ᠪᠠ ᠭᠠᠳᠠᠨ᠎ᠠ ᠠᠴᠠ ᠢᠷᠡᠭᠰᠡᠨ ᠲᠡᠷᠭᠡᠨ ᠳᠤ ᠰᠠᠭᠤᠬᠤ ᠠᠶᠠᠨᠴᠢᠳ ᠲᠤ ᠲᠦᠢᠯ ᠤᠨ ᠳᠥᠭᠦᠮ ᠦᠭᠡᠢ ᠪᠠᠶᠢᠵᠤ᠂ ᠣᠯᠠᠨ ᠲᠦᠮᠡᠨ ᠢ ᠣᠯᠠᠨ ᠵᠢᠯ ᠵᠣᠪᠠᠭᠠᠭᠰᠠᠨ ᠬᠦᠴᠢᠷ ᠠᠰᠠᠭᠤᠳᠠᠯ ᠪᠣᠯᠤᠭᠰᠠᠨ ᠪᠠᠶᠢᠨ᠎ᠠ᠃ ᠡᠨᠡ ᠬᠦ ᠪᠠᠶᠢᠳᠠᠯ ᠳᠤ ᠴᠢᠭᠯᠡᠭᠦᠯᠦᠨ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠠᠮᠢᠶ᠎ᠠ ᠪᠥᠬᠦᠶ ᠠᠵᠢᠯᠲᠠᠨ ᠪᠣᠯᠤᠨ ᠣᠯᠠᠨ ᠲᠦᠮᠡᠨ ᠤ ᠲᠥᠯᠥᠭᠡᠯᠡᠭᠴᠢ ᠠᠤᠬᠠᠨ ᠤ ᠥᠷᠲᠡᠭᠡᠨ ᠤ ᠡᠮᠦᠨᠡᠬᠢ ᠬᠠᠮᠢᠶ᠎ᠠ ᠪᠥᠬᠦᠶ ᠵᠠᠮ ᠤᠨ ᠬᠡᠰᠡᠭ ᠲᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠱᠦᠢᠨᠢ ᠵᠠᠮ ᠪᠣᠯᠤᠨ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠬᠤ ᠢᠨᠵᠧᠨᠧᠷᠢᠩ ᠤᠨ ᠣᠳᠣᠬᠢ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠬᠦᠴᠢᠷᠳᠡᠯ ᠢ ᠭᠦᠨᠵᠡᠭᠡᠶ ᠣᠶᠢᠯᠠᠭᠠᠭᠰᠠᠨ ᠪᠥᠭᠡᠳ ᠨᠠᠷᠢᠨ ᠬᠢᠨᠠᠮᠠᠭᠠᠶ ᠲᠡᠮᠳᠡᠭᠯᠡᠵᠦ᠂ ᠵᠥᠪᠳᠡᠯᠴᠡᠨ ᠶᠠᠷᠢᠯᠴᠠᠬᠤ ᠳᠤ ᠰᠠᠶᠢᠨ ᠰᠠᠶᠢᠬᠠᠨ ᠰᠠᠭᠤᠷᠢ ᠶᠢ ᠲᠠᠯᠪᠢᠭᠰᠠᠨ ᠪᠠᠶᠢᠨ᠎ᠠ᠃ ᠡᠭᠦᠨ ᠤ ᠬᠠᠮᠲᠤ᠂ ᠰᠠᠭᠤᠭᠠᠯᠢ ᠠᠷᠠᠳ ᠤᠨ ᠲᠥᠯᠥᠭᠡᠯᠡᠭᠴᠢ ᠶᠢᠨ ᠶᠠᠪᠤᠵᠤ ᠰᠠᠭᠤᠬᠤ ᠳᠤ ᠳᠥᠭᠦᠮ ᠦᠭᠡᠢ ᠪᠣᠳᠠᠲᠠᠶ ᠪᠠᠶᠢᠳᠠᠯ ᠪᠣᠯᠤᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠣᠰ ᠲᠣᠰ ᠲᠣᠳᠣᠷᠬᠠᠶᠢᠯᠠᠨ ᠥᠭᠦᠯᠡᠵᠦ᠂ ᠡᠭᠦᠨ ᠤ ᠬᠠᠮᠲᠤ ᠬᠠᠮᠢᠶ᠎ᠠ ᠪᠦᠬᠦᠢ ᠠᠵᠢᠯ ᠤᠨ ᠭᠡᠰᠢᠭᠦᠨ ᠪᠣᠯᠤᠨ ᠠᠵᠢᠯᠲᠠᠳ ᠥᠪᠡᠷ ᠥᠪᠡᠷ ᠤᠨ ᠰᠠᠨᠠᠯ ᠢᠶᠠᠨ ᠶᠠᠷᠢᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠠᠳᠠᠯᠢ ᠪᠤᠰᠤ ᠬᠠᠷᠠᠭᠠᠰᠤ ᠠᠴᠠ ᠰᠢᠢᠳᠪᠦᠷᠢᠯᠡᠬᠦ ᠲᠥᠰᠦᠯ ᠪᠣᠯᠤᠨ ᠪᠣᠯᠤᠮᠵᠢᠲᠤ ᠰᠠᠨᠠᠭᠤᠯᠭ᠎ᠠ ᠳᠤᠷᠠᠳᠴᠤ᠂ ᠣᠯᠠᠨ ᠲᠦᠮᠡᠨ ᠤ ᠶᠠᠪᠤᠵᠤ ᠰᠠᠭᠤᠬᠤ ᠳᠤ ᠬᠦᠴᠢᠷ ᠠᠰᠠᠭᠤᠳᠠᠯ ᠢ ᠰᠢᠢᠳᠪᠦᠷᠢᠯᠡᠬᠦ ᠪᠦᠲᠦᠮᠵᠢᠲᠡᠶ ᠠᠷᠭ᠎ᠠ ᠵᠠᠮ ᠢ ᠴᠢᠷᠮᠠᠶᠢᠨ ᠣᠯᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠪᠣᠯᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠡᠶ᠎ᠡ ᠵᠣᠬᠢᠴᠠᠩᠭᠤᠶ ᠪᠠᠶᠢᠬᠤ ᠶᠢ  ᠪᠠᠲᠤᠯᠠᠪᠠ᠃    ᠣᠳᠣᠬᠠᠨ ᠳᠤ᠂ ᠠᠤᠬᠠᠨ ᠤ ᠥᠷᠲᠡᠭᠡ ᠶᠢᠨ ᠡᠮᠦᠨᠡᠬᠢ ᠱᠦᠢᠨᠢ ᠶᠢᠨ ᠵᠠᠮ ᠵᠢᠴᠢ ᠪᠣᠷᠣᠭᠠᠨ ᠤ ᠤᠰᠤ ᠶᠢ ᠰᠠᠯᠭᠠᠬᠤ ᠢᠨᠵᠧᠨᠧᠷᠢᠩ ᠢ ᠶᠠᠭ ᠥᠨᠳᠥᠷ ᠪᠦᠲᠦᠮᠵᠢᠲᠡᠶ ᠪᠠᠷ ᠳᠥᠯᠭᠢᠨ ᠠᠬᠢᠭᠤᠯᠵᠤ ᠪᠠᠶᠢᠨ᠎ᠠ᠃ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ ᠭᠤᠤᠯᠳᠠᠭᠤ 8  ᠮᠧᠲᠷ ᠥᠷᠭᠡᠨ 432 ᠮᠧᠲᠷ ᠤᠨ ᠱᠦᠢᠨᠢ ᠵᠠᠮ᠂ 10  ᠮᠧᠲᠷ ᠥᠷᠭᠡᠨ 59 ᠤᠷᠲᠤᠳᠬᠠᠭᠰᠠᠨ ᠤᠰᠤᠨ ᠰᠢᠪᠠᠷ ᠵᠠᠮ ᠪᠠᠭᠲᠠᠵᠤ᠂ 6867 ᠲᠡᠭᠰᠢ ᠳᠥᠷᠪᠡᠯᠵᠢᠨ ᠮᠧᠲᠷ ᠥᠩᠭᠡᠲᠦ ᠲᠣᠭᠤᠰᠬᠠᠨ ᠱᠠᠯᠠ ᠳᠡᠪᠢᠰᠴᠦ᠂ 962ᠮᠧᠲᠷ ᠵᠠᠮ ᠤᠨ ᠢᠷᠮᠡᠭ ᠢ ᠰᠢᠨ᠎ᠡ ᠪᠠᠷ ᠳᠡᠪᠢᠰᠪᠡ︔ 496ᠮᠧᠲᠷ ᠤᠰᠤ ᠵᠠᠯᠠᠬᠤ ᠬᠤᠭᠤᠯᠠᠶ ᠶᠢᠨ ᠵᠠᠮ ᠤᠨ ᠪᠣᠷᠣᠭᠠᠨ ᠤ ᠤᠰᠤᠨ ᠤ ᠬᠤᠭᠤᠯᠠᠶ ᠶᠢᠨ ᠲᠣᠤᠷ ᠢ 630 ᠮᠧᠲᠷ ᠳᠡᠪᠢᠰᠪᠡ︔ 22 ᠬᠤᠳᠳᠤᠭ᠂ ᠪᠣᠷᠣᠭᠠᠨ ᠤ ᠤᠰᠤᠨ ᠤ ᠬᠤᠳᠳᠤᠭ ᠢ ᠰᠢᠨ᠎ᠡ ᠪᠠᠷ ᠪᠠᠶᠢᠭᠤᠯᠵᠤ᠂ ᠡᠨᠡ ᠵᠢᠯ ᠤᠨ 11 ᠰᠠᠷ᠎ᠠ ᠶᠢᠨ ᠳᠤᠮᠳᠠᠴᠢ ᠪᠠᠷ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠠᠶᠢᠨ᠎ᠠ᠃   ᠳᠠᠷᠠᠭᠠᠴᠢ ᠶᠢᠨ ᠠᠯᠬᠤᠮ ᠳᠤ᠂ ᠬᠤᠸᠠᠩ ᠶᠠᠩ ᠸᠠ ᠪᠠᠯᠭᠠᠰᠤᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠤᠯᠪᠣᠭ᠎ᠠ ᠠᠪᠬᠤ ᠲᠠᠰᠤᠭ ᠨᠢ ᠠᠷᠠᠳ ᠤᠨ ︽ᠳᠠᠭᠤᠨ︾ ᠴᠢᠭᠯᠡᠯ ᠢ ᠦᠷᠭᠦᠯᠵᠢᠯᠡᠨ ᠴᠢᠩᠭ᠎ᠠ ᠳᠠᠭᠠᠵᠤ ᠦᠨᠳᠦᠰᠦᠨ ᠱᠠᠲᠤᠨ ᠤ ᠠᠷᠠᠳᠴᠢᠯᠠᠯ ᠢᠶᠠᠷ ᠵᠥᠪᠯᠡᠬᠦ ᠶᠢ ᠢᠳᠡᠪᠬᠢᠲᠡᠢ ᠥᠷᠨᠢᠭᠦᠯᠵᠦ᠂ ᠠᠷᠠᠳ ᠲᠦᠮᠡᠨ ᠤ ᠰᠡᠳᠬᠢᠯ ᠢ ᠡᠪᠦᠷᠯᠡᠵᠦ᠂ ︽ᠠᠷᠠᠳ ᠤᠨ ᠰᠠᠨᠠᠭᠠᠰᠢᠷᠠᠯ ᠤᠨ ᠰᠢᠯᠢᠳᠡᠭ ᠰᠢᠢᠳᠪᠦᠷᠢᠯᠡᠬᠦ ᠠᠷᠭ᠎ᠠ︾ ᠶᠢ ᠰᠦᠪᠡᠭᠴᠢᠯᠡᠵᠦ ᠂ ︽ᠠᠷᠠᠳ ᠤᠨ ᠠᠮᠢᠳᠤᠷᠠᠯ ᠤᠨ ᠵᠠᠮ︾ ᠤᠨ ᠲᠣᠭᠲᠠᠭᠤᠨ  ᠢ  ᠪᠠᠲᠤᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号